ᠤᠷᠴᠢᠮ᠂ ᠡᠷᠭᠦᠨ᠎ᠡ ᠬᠤᠲᠠ ᠶᠢᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ᠃ ᠬᠤᠲᠠ ᠶᠢᠨ | ᠬᠠᠤᠯᠢ ᠴᠠᠭᠠᠵᠠ ᠶᠢᠨ ᠲᠣᠪᠴᠢᠶ᠎ᠠ ᠵᠠᠯᠠᠭᠤ ᠬᠠᠤᠯᠢᠴᠢ ᠨᠠᠷ ᠢ ᠵᠤᠬᠢᠶᠠᠨ ᠪᠠᠶᠢᠭᠤᠯᠵᠤ᠂ ᠬᠤᠷᠠᠯ ᠳᠤ ᠤᠷᠤᠯᠴᠠᠪᠠ᠃ ᠬᠠᠤᠯᠢᠴᠢ ᠨᠠᠷ ᠬᠤᠯᠪᠣᠭᠳᠠᠯ ᠪᠥᠬᠦᠶ ᠬᠠᠤᠯᠢ | ᠴᠠᠭᠠᠵᠠ ᠶᠢᠨ ᠦᠢᠯᠡᠴᠢᠯᠡᠭᠡ ᠬᠠᠩᠭᠠᠵᠠᠢ᠃ | | | | ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠪᠦᠬᠦᠯᠢ ᠨᠡᠷᠡᠶᠢᠳᠦᠯ ᠨᠢ ︽ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠵᠤ᠂ ᠪᠠᠯᠠ | ᠮᠥᠩᠭᠦ ᠶᠢ ᠬᠤᠪᠢ ᠣᠷᠣᠭᠤᠯᠤᠯᠲᠠ ᠶᠢᠨ ᠮᠥᠩᠭᠦ ᠪᠣᠯᠭᠠᠨ ᠬᠤᠪᠢᠷᠠᠭᠤᠯᠤᠨ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ︾ ᠶᠢ ᠵᠢᠭᠠᠨ᠎ᠠ᠃ | ᠡᠨᠡᠬᠦ ᠥᠭᠡᠷᠡᠴᠢᠯᠡᠯᠲᠡ ᠶᠢᠨ ᠵᠣᠷᠢᠯᠭ᠎ᠠ ᠨᠢ ᠬᠡᠷᠡᠭᠯᠡᠵᠦ ᠦᠭᠡᠢ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠵᠤ᠂ ᠲᠠᠷᠠᠬᠠᠶ ᠪᠤᠲᠠᠷᠬᠠᠶ ᠪᠡᠯᠡ ᠮᠥᠩᠭᠦ ᠶᠢ | ᠬᠤᠪᠢ ᠣᠷᠣᠭᠤᠯᠤᠭᠰᠠᠨ ᠮᠥᠩᠭᠦ ᠪᠣᠯᠭᠠᠨ᠂ ᠭᠠᠴᠠᠭᠠᠨ ᠤ ᠠᠷᠠᠳ ᠢ ᠬᠤᠪᠢ ᠣᠷᠣᠭᠤᠯᠤᠭᠴᠢ ᠪᠤᠯᠭᠠᠨ᠎ᠠ ᠃ ᠬᠥᠳᠡᠭᠡ ᠲᠣᠰᠬᠤᠨ ᠤ ᠠᠵᠤ ᠠᠬᠤᠶ ᠶᠢ | ᠬᠦᠭᠵᠢᠭᠦᠯᠦᠨ ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠲᠥᠯᠥᠭᠡ ᠶᠤᠮ᠃ ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠠᠴᠠ ᠲᠦᠷᠪᠡᠨ | ᠬᠤᠷᠰᠢᠶ᠎ᠠ ᠶᠢ ᠪᠠᠶᠢᠭᠤᠯᠬᠤ ᠵᠢᠴᠢ ᠲᠤᠰᠬᠤᠨ ᠤ ᠠᠷᠠᠳ ᠤᠨ ᠳᠤᠭᠤᠶᠢᠯᠠᠩ ᠤᠨ ᠳᠣᠲᠣᠷ᠎ᠠ ᠪᠠᠨ ᠲᠤᠷᠰᠢᠯᠲᠠ ᠶᠢᠨ ᠴᠡᠭ ᠢ ᠪᠠᠶᠢᠭᠤᠯᠬᠤ ᠠᠵᠢᠯ ᠤᠨ ᠲᠥᠰᠦᠯ ᠢ | ᠲᠣᠭᠲᠠᠭᠠᠪᠠ᠃ | ᠵᠠᠯᠠᠭᠤ ᠬᠠᠤᠯᠢᠴᠢ ᠵᠠᠩ ᠢᠦᠢ ᠰᠢᠤᠸᠠᠨ ᠢᠳᠡᠪᠬᠢᠲᠡᠢ ᠣᠷᠣᠯᠴᠠᠬᠤ ᠶᠢᠨ ᠬᠠᠮᠲᠤ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠲᠣᠰᠬᠤᠨ ᠤ ᠠᠷᠠᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ ᠂ ᠲᠣᠰᠬᠤᠨ ᠤ ᠠᠷᠠᠳ ᠤᠨ ᠬᠤᠪᠢ ᠣᠷᠣᠬᠤ ᠶᠠᠪᠤᠴᠠ ᠳᠤ ᠣᠯᠪᠠᠰᠤ ᠵᠣᠬᠢᠬᠤ ᠠᠰᠢᠭ ᠣᠯᠵᠠᠪᠤᠷᠢ ᠶᠢ ᠪᠠᠲᠤᠯᠠᠬᠤ | ᠬᠡᠷᠡᠭᠲᠡᠢ ᠭᠡᠵᠦ ᠰᠠᠨᠠᠭᠤᠯᠵᠠᠢ᠃ ᠲᠤᠰᠬᠤᠨ ᠤ ᠠᠷᠠᠳ ᠤᠨ ᠣᠷᠣᠯᠴᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠲᠡᠳᠡᠨᠡᠷ ᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ | ᠪᠡᠶᠡᠴᠢ ᠴᠣᠭᠴᠠ ᠶᠢᠨ ᠬᠤᠪᠢ ᠪᠠᠷ ᠡᠵᠡᠩᠨᠡᠯᠲᠡ ᠪᠠ ᠬᠠᠮᠢᠶᠠᠷᠤᠯᠲᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠎ᠠ᠃ | ᠢᠷᠡᠭᠡᠳᠦᠶ ᠳᠤ ᠂ ᠡᠷᠭᠦᠨ᠎ᠡ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ︽ᠭᠤᠷᠪᠠ ᠶᠢ ᠬᠤᠪᠢᠷᠠᠭᠤᠯᠬᠤ︾᠂ ︽ᠭᠤᠷᠪᠠ ᠶᠢ ᠨᠢᠭᠡ ᠴᠤᠭᠴᠠᠵᠢᠭᠤᠯᠬᠤ︾ | ᠥᠭᠡᠷᠡᠴᠢᠯᠡᠯᠲᠡ ᠳᠤ ᠦᠷᠭᠦᠯᠵᠢᠯᠡᠨ ᠬᠦᠴᠦ ᠨᠡᠮᠡᠷᠢᠯᠡᠨ᠎ᠡ᠃ ᠥᠭᠡᠷᠡᠴᠢᠯᠡᠯᠲᠡ ᠳᠤ ᠨᠡᠩ ᠪᠦᠬᠦ ᠲᠠᠯ᠎ᠠ ᠶᠢᠨ᠂ ᠨᠡᠩ ᠭᠦᠨᠵᠡᠭᠡᠶ ᠬᠠᠤᠯᠢ ᠴᠠᠭᠠᠵᠠ ᠶᠢᠨ ᠳᠡᠮᠵᠢᠯᠭᠡ | ᠬᠠᠩᠭᠠᠬᠤ ᠪᠣᠯᠤᠨ᠎ᠠ᠃ ᠡᠭᠦᠨ ᠤ ᠬᠠᠮᠲᠤ᠂ ᠨᠡᠩ ᠤᠯᠠᠨ ᠵᠠᠯᠠᠭᠤ ᠬᠠᠤᠯᠢᠴᠢ ᠶᠢᠨ ᠡᠨᠡᠬᠦ ᠠᠭᠤᠤ ᠶᠡᠭᠡ ᠦᠢᠯᠡᠰ ᠲᠤ ᠣᠷᠣᠯᠴᠠᠵᠤ᠂ ᠬᠠᠮᠲᠤᠪᠠᠷ ᠰᠢᠨ᠎ᠡ ᠴᠠᠭ | ᠦᠶ᠎ᠡ ᠶᠢᠨ ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ |