12 ᠰᠠᠷ᠎ᠠ ᠶᠢᠨ 14 ᠤ ᠡᠳᠦᠷ᠂ ᠡᠷᠭᠦᠨ᠎ᠡ ᠬᠤᠲᠠ ᠶᠢᠨ ᠶᠡᠷᠦᠩᠬᠡᠶ ᠠᠵᠢᠯᠴᠢᠨ ᠤ ᠡᠪᠯᠡᠯ ᠬᠤᠷᠠᠯ ᠬᠢᠵᠤ᠂ ᠰᠢ ᠶᠢᠨ ᠫᠢᠩ ᠶᠡᠷᠦᠩᠬᠡᠶ ᠱᠦᠵᠢ ᠶᠢᠨ | ᠨᠡᠶᠢᠭᠡᠮ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠵᠢᠯᠴᠢᠨ ᠤ ᠡᠪᠯᠡᠯ ᠤᠨ ᠪᠤᠲᠠᠲᠤ | ᠪᠠᠶᠢᠳᠠᠯ ᠲᠠᠢ ᠤᠶᠠᠯᠳᠤᠭᠤᠯᠤᠨ᠂ ᠰᠢ ᠶᠢᠨ ᠫᠢᠩ ᠶᠡᠷᠦᠩᠬᠡᠶ ᠱᠦᠵᠢ ᠶᠢᠨ ᠨᠡᠶᠢᠭᠡᠮ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠤᠬᠠᠭᠤᠯᠵᠤ | ᠲᠤᠤᠱᠯᠠᠭᠤᠯᠬᠤ ᠠᠵᠢᠯ ᠢ ᠪᠠᠶᠢᠷᠢᠯᠠᠭᠤᠯᠪᠠ᠃ | | | | ᠬᠤᠷᠠᠯ ᠠᠴᠠ ᠵᠢᠭᠠᠵᠤ ᠭᠠᠷᠭᠠᠭᠰᠠᠨ ᠨᠢ ᠨᠡᠶᠢᠭᠡᠮ ᠤᠨ ᠠᠵᠢᠯ ᠪᠣᠯ ᠨᠠᠮ ᠪᠣᠯᠤᠨ ᠤᠯᠤᠰ ᠤᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠨᠠᠮ ᠤᠨ | ᠤᠷᠳᠤ ᠬᠤᠭᠤᠴᠠᠭ᠎ᠠ ᠪᠠᠷ ᠲᠦᠷᠦ ᠪᠠᠷᠢᠬᠤ ᠪᠠ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠲᠠᠢ ᠬᠤᠯᠪᠣᠭᠳᠠᠵᠤ᠂ ᠨᠡᠶᠢᠭᠡᠮ ᠤᠨ ᠡᠶ᠎ᠡ ᠨᠠᠶᠢᠷᠠᠮᠳᠠᠭᠤ | ᠲᠣᠭᠲᠠᠭᠤᠨ ᠪᠠᠶᠢᠳᠠᠯ ᠪᠣᠯᠤᠨ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠲᠠᠢ ᠬᠤᠯᠪᠣᠭᠳᠠᠨ᠎ᠠ᠃ ᠰᠢᠨ᠎ᠡ ᠴᠠᠭ ᠦᠶ᠎ᠡ ᠠᠴᠠ ᠨᠠᠭᠠᠰᠢ᠂ ᠨᠠᠮ ᠤᠨ ᠲᠥᠪ | ᠬᠤᠷᠢᠶ᠎ᠠ ᠠᠯᠢ ᠤᠯᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠵᠦ᠂ ᠨᠡᠶᠢᠭᠡᠮ ᠤᠨ ᠠᠵᠢᠯ ᠳᠤ ᠴᠢᠬᠤᠯᠠ ᠠᠮᠵᠢᠯᠲᠠ ᠤᠯᠬᠤ ᠶᠢ | ᠠᠬᠢᠭᠤᠯᠪᠠ᠃ ᠣᠳᠣᠬᠠᠨ ᠳᠤ᠂ ᠮᠠᠨ ᠤ ᠤᠯᠤᠰ ᠤᠨ ᠨᠡᠶᠢᠭᠡᠮ ᠤᠨ ᠪᠦᠲᠦᠴᠡ ᠳᠤ ᠭᠦᠨᠵᠡᠭᠡᠶ ᠬᠤᠪᠢᠷᠠᠯᠲᠠ ᠭᠠᠷᠴᠤ ᠪᠠᠶᠢᠨ᠎ᠠ ᠃ ᠣᠨᠴᠠᠭᠠᠶᠢᠯᠠᠨ ᠰᠢᠨ᠎ᠡ ᠪᠠᠷ | ᠬᠥᠭᠵᠢᠭᠰᠡᠨ ᠬᠦᠷᠢᠶ᠎ᠡ ᠦᠳᠲᠡᠷ ᠲᠦᠷᠭᠡᠨ ᠬᠥᠭᠵᠢᠵᠦ᠂ ᠰᠢᠨ᠎ᠡ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ | ᠶᠡᠭᠡ ᠬᠡᠮᠵᠢᠶ᠎ᠡ ᠪᠠᠷ ᠢᠯᠡᠷᠡᠨ ᠭᠠᠷᠴᠤ᠂ ᠰᠢᠨ᠎ᠡ ᠠᠵᠢᠯ ᠣᠯᠭᠤᠯᠲᠠ ᠶᠢᠨ ᠬᠡᠪᠴᠢᠶ᠎ᠡ ᠦᠷᠭᠦᠯᠵᠢᠯᠡᠨ ᠥᠷᠭᠡᠳᠴᠦ᠂ ᠨᠡᠶᠢᠭᠡᠮ ᠤᠨ ᠠᠵᠢᠯ ᠳᠤ ᠰᠢᠨ᠎ᠡ ᠪᠠᠶᠢᠳᠠᠯ ᠰᠢᠨ᠎ᠡ | ᠡᠭᠦᠷᠭᠡ ᠲᠤᠯᠭᠠᠷᠠᠵᠤ ᠪᠠᠶᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ | ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠳᠠᠯᠠᠨ᠂ | ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠨᠡᠶᠢᠭᠡᠮ ᠤᠨ ᠵᠠᠰᠠᠯᠲᠠ ᠶᠢᠨ ᠵᠠᠮ ᠢᠶᠠᠷ ᠭᠤᠶᠢᠪᠢᠰᠢ ᠦᠬᠡᠢ ᠵᠠᠮᠨᠠᠨ᠂ ᠨᠡᠶᠢᠭᠡᠮ ᠤᠨ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠰᠢᠨ᠎ᠡ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠪᠦᠯᠬᠦᠮ ᠤᠨ ᠨᠠᠮ ᠤᠨ ᠪᠠᠶᠢᠭᠤᠯᠤᠯᠲᠠ ᠶᠢ ᠰᠠᠶᠢᠲᠤᠷ | ᠠᠳᠬᠤᠨ᠂ ᠨᠠᠮ ᠤᠨ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠤᠷᠢᠶᠠᠯᠠᠬᠤ ᠬᠦᠴᠦᠨ ᠂ ᠨᠢᠭᠲᠠᠷᠠᠭᠤᠯᠬᠤ ᠬᠦᠴᠦᠨ ᠪᠠ ᠨᠥᠯᠥᠭᠡᠯᠡᠬᠦ ᠬᠦᠴᠦᠨ ᠢ ᠳᠠᠰᠤᠷᠠᠯᠳᠠ | ᠦᠬᠡᠢ ᠴᠢᠩᠭᠠᠳᠬᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠯᠠᠨ ᠲᠦᠮᠡᠨ ᠢ ᠨᠢᠭᠲᠠᠷᠠᠭᠤᠯᠵᠤ ᠂ ᠤᠯᠠᠨ ᠲᠦᠮᠡᠨ ᠳᠤ ᠦᠢᠯᠡᠴᠢᠯᠡᠬᠦ | ᠠᠵᠢᠯ ᠢ ᠰᠠᠶᠢᠲᠤᠷ ᠬᠢᠨ᠎ᠡ᠃ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠬᠤᠷᠠᠯ ᠠᠴᠠ ᠴᠢᠩᠭᠠᠳᠬᠠᠭᠰᠠᠨ ᠨᠢ ᠬᠤᠳᠠ ᠶᠢᠨ ᠶᠡᠷᠦᠩᠬᠡᠢ ᠠᠵᠢᠯᠴᠢᠨ ᠤ ᠡᠪᠯᠡᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠡᠶᠢᠭᠡᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠤᠬᠠᠨ᠂ ᠡᠭᠦᠨ ᠳᠤ ᠠᠭᠤᠯᠤᠭᠳᠠᠵᠤ ᠪᠠᠶᠢᠭ᠎ᠠ ᠭᠤᠣᠯ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠰᠤᠷᠤᠯᠴᠠᠯᠭ᠎ᠠ ᠶᠢᠨ ᠦᠷ᠎ᠡ | ᠪᠦᠲᠦᠮᠵᠢ ᠪᠠᠨ ᠦᠨᠡᠨᠬᠦ ᠠᠵᠢᠯᠴᠢᠨ ᠤ ᠡᠪᠯᠡᠯ ᠤᠨ ᠠᠵᠢᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠰᠡᠳᠬᠢᠴᠡ ᠪᠣᠯᠤᠨ ᠠᠵᠢᠯᠳᠠᠨ ᠠᠵᠢᠯᠴᠢᠨ | ᠲᠦᠮᠡᠨ ᠲᠠᠢ ᠬᠠᠷᠢᠯᠴᠠᠬᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ ᠬᠤᠶᠢᠰᠢᠳᠠ ᠶᠢᠨ ᠠᠵᠢᠯ ᠤᠨ ᠳᠤᠮᠳᠠ᠂ ᠬᠤᠳᠠ ᠶᠢᠨ ᠶᠡᠷᠦᠩᠬᠡᠢ ᠠᠵᠢᠯᠴᠢᠨ ᠤ | ᠡᠪᠯᠡᠯ ᠨᠢ ᠠᠵᠢᠯᠴᠢᠨ ᠤ ᠡᠪᠯᠡᠯ ᠤᠨ ᠠᠵᠢᠯᠴᠢᠨ ᠲᠦᠮᠡᠨ ᠲᠠᠢ ᠬᠠᠷᠢᠯᠴᠠᠬᠤ ᠪᠠ ᠠᠵᠢᠯᠴᠢᠨ ᠲᠦᠮᠡᠨ ᠳᠤ ᠦᠢᠯᠡᠴᠢᠯᠡᠬᠦ ᠦᠢᠯᠡᠳᠦᠯ ᠢ ᠪᠠᠳᠠᠷᠠᠭᠤᠯᠤᠨ᠎ᠠ᠃ | ᠠᠵᠢᠯᠴᠢᠨ ᠤ ᠡᠪᠯᠡᠯ ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠠᠵᠢᠯᠳᠠᠨ ᠠᠵᠢᠯᠴᠢᠨ ᠲᠦᠮᠡᠨ ᠳᠤ ᠨᠡᠩ ᠰᠠᠶᠢᠨ ᠦᠢᠯᠡᠴᠢᠯᠡᠭᠡ ᠬᠠᠩᠭᠠᠨ᠎ᠠ᠃ |