ᠡᠷᠭᠦᠨ᠎ᠡ ᠬᠤᠳᠠ ᠶᠢᠨ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠬᠤᠶᠠᠳᠤᠭᠠᠷ ᠳᠤᠮᠳᠠᠳᠤ ᠰᠤᠷᠭᠠᠭᠤᠯᠢ ᠶᠢ ᠬᠠᠪᠰᠤᠷᠴᠤ ᠴᠠᠰᠤ ᠴᠡᠪᠡᠷᠯᠡᠪᠡ
ᠨᠡᠶᠢᠲᠡᠯᠡᠭᠰᠡᠨ ᠴᠠᠭ᠄
2024/12/19
     ᠣᠶᠢᠷ᠎ᠠ ᠳᠤ᠂ ᠮᠠᠨ ᠤ ᠬᠤᠲᠠ ᠳᠤ ᠶᠡᠭᠡ ᠴᠠᠰᠤ ᠣᠷᠣᠵᠤ᠂ ᠰᠤᠷᠭᠠᠭᠤᠯᠢ ᠶᠢᠨ ᠡᠭᠦᠳᠡᠨ ᠳᠤ ᠶᠡᠭᠡ ᠬᠡᠮᠵᠢᠶᠡᠨ ᠤ ᠴᠠᠰᠤ ᠬᠤᠷᠠᠪᠠ᠃ ᠡᠨᠡ ᠨᠢ ᠪᠠᠭᠰᠢ ᠰᠣᠷᠣᠭᠴᠢ ᠪᠣᠯᠤᠨ ᠬᠡᠷ ᠤᠨ ᠠᠬᠠᠮᠠᠳ ᠤᠨ ᠶᠠᠪᠤᠵᠤ ᠰᠠᠭᠤᠬᠤ ᠳᠤ ᠮᠠᠰᠢ ᠳᠥᠭᠦᠮ ᠦᠭᠡᠢ ᠪᠣᠯᠤᠭᠰᠠᠨ ᠪᠥᠭᠡᠳ ᠠᠮᠤᠷ ᠲᠦᠪᠰᠢᠨ ᠤ ᠳᠠᠯᠳᠠ ᠬᠡᠮ ᠤᠷᠤᠰᠢᠪᠠ᠃ ᠡᠷᠭᠦᠨ᠎ᠡ ᠬᠤᠲᠠ ᠶᠢᠨ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠦᠳᠲᠡᠷ ᠲᠦᠷᠭᠡᠨ ᠬᠥᠳᠡᠯᠦᠯᠴᠡᠵᠦ᠂ ᠺᠠᠳ᠋ᠷ ᠠᠵᠢᠯᠲᠠᠳ ᠪᠠ ᠰᠠᠶᠢᠨ ᠲᠤᠷᠠᠴᠤᠳ ᠢ ᠵᠣᠬᠢᠶᠠᠨ ᠪᠠᠶᠢᠭᠤᠯᠤᠨ ᠂ ᠬᠤᠶᠠᠳᠤᠭᠠᠷ ᠳᠤᠮᠳᠠᠳᠤ ᠰᠤᠷᠭᠠᠭᠤᠯᠢ ᠳᠤ ᠬᠤᠷᠠᠭᠰᠠᠨ ᠴᠠᠰᠤ ᠶᠢ ᠴᠡᠪᠡᠷᠯᠡᠪᠡ᠃      ᠲᠤᠬᠠᠢ ᠶᠢᠨ ᠲᠠᠯᠠᠪᠤᠷ ᠲᠤ᠂ ᠺᠠᠳ᠋ᠷ ᠠᠵᠢᠯᠲᠠᠳ ᠪᠣᠯᠤᠨ ᠰᠠᠶᠢᠨ ᠲᠤᠷᠠᠴᠤᠳ ᠬᠠᠬᠢᠷ ᠬᠦᠢᠳᠡᠨ ᠠᠴᠠ ᠠᠶᠤᠬᠤ ᠦᠭᠡᠢ᠂ ᠡᠷᠴᠢ ᠵᠣᠷᠢᠭ ᠢᠶᠠᠨ ᠬᠦᠪᠴᠢᠯᠡᠨ᠂ ᠢᠲᠡᠭᠡᠯ ᠲᠡᠭᠦᠯᠳᠡᠷ ᠪᠠᠶᠢᠯ᠎ᠠ᠃ ᠲᠡᠳᠡ ᠬᠦᠷᠵᠡ᠂ ᠱᠦᠭᠦᠷ ᠵᠡᠷᠭᠡ ᠪᠠᠭᠠᠵᠢ ᠬᠡᠷᠡᠭᠰᠡᠯ ᠠᠳᠬᠤᠵᠤ᠂ ᠠᠵᠢᠯ ᠢᠶᠠᠨ ᠲᠤᠳᠤᠷᠬᠠᠢ ᠬᠤᠪᠢᠶᠠᠷᠢᠯᠠᠪᠠ᠃ ᠵᠠᠷᠢᠮ ᠨᠢ ᠴᠠᠰᠤ ᠠᠷᠢᠯᠭᠠᠵᠤ᠂ ᠵᠠᠷᠢᠮ ᠨᠢ ᠴᠠᠰᠤ ᠱᠦᠭᠦᠷᠳᠡᠪᠡ᠃ ᠰᠤᠷᠭᠠᠭᠤᠯᠢ ᠶᠢᠨ ᠡᠭᠦᠳᠡ ᠵᠢᠴᠢ ᠣᠶᠢᠷ᠎ᠠ ᠬᠠᠪᠢ ᠶᠢᠨ ᠵᠠᠮ ᠳᠡᠭᠡᠷ᠎ᠡ ᠬᠤᠷᠠᠭᠰᠠᠨ ᠴᠠᠰᠤ ᠶᠢ ᠠᠯᠬᠤᠮ ᠠᠯᠬᠤᠮ ᠢᠶᠠᠷ ᠴᠡᠪᠡᠷᠯᠡᠵᠡᠶ᠃ ᠬᠠᠬᠢᠷ ᠬᠦᠢᠳᠡᠨ ᠪᠠᠶᠢᠭᠰᠠᠨ ᠴᠤ ᠤᠯᠠᠨ ᠢᠶᠠᠷ ᠢᠶᠠᠨ ᠬᠠᠯᠠᠭᠤᠨ ᠰᠡᠳᠭᠢᠯ ᠤᠷᠭᠢᠯᠪᠠ᠃ ᠲᠡᠳᠡᠨᠡᠷ ᠤᠨ ᠬᠦᠳᠡᠯᠮᠦᠷᠢᠯᠡᠬᠦ ᠪᠠᠶᠢᠳᠠᠯ  ᠨᠢ ᠴᠠᠪ ᠴᠠᠭᠠᠨ ᠴᠠᠰᠤᠨ ᠤ ᠳᠤᠮᠳᠠ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠷᠢᠯᠳᠦᠭᠦᠯᠪᠡ᠃ ᠤᠯᠠᠨ ᠤ ᠴᠢᠷᠮᠠᠶᠢᠯᠭ᠎ᠠ ᠪᠠᠷ ᠳᠡᠮᠵᠢᠨ᠂ ᠴᠠᠰᠤᠨ ᠳᠤ ᠳᠠᠷᠤᠭᠳᠠᠭᠰᠠᠨ ᠵᠠᠮ ᠢ ᠴᠡᠪᠡᠷᠯᠡᠨ ᠭᠠᠷᠭᠠᠵᠤ᠂ ᠪᠠᠭᠰᠢ ᠰᠣᠷᠣᠭᠴᠢ ᠪᠣᠯᠤᠨ ᠬᠡᠷ ᠤᠨ ᠠᠬᠠᠮᠠᠳ ᠤᠨ ᠠᠮᠤᠷ ᠲᠦᠪᠰᠢᠨ ᠢ ᠪᠠᠲᠤᠯᠠᠪᠠ᠃    ᠴᠠᠰᠤ ᠴᠡᠪᠡᠷᠯᠡᠬᠦ ᠠᠵᠢᠯᠯᠠᠭ᠎ᠠ ᠨᠢ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠳᠠ ᠶᠢᠨ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠵᠢᠴᠢ ᠪᠠᠭᠰᠢ ᠰᠤᠷᠤᠭᠴᠢᠳ ᠤᠨ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠬᠠᠷᠠᠭᠤᠯᠤᠭᠰᠠᠨ ᠶᠤᠮ᠃ ᠪᠠᠰᠠ ᠲᠡᠳᠡᠨ ᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠢᠯᠡᠷᠡᠭᠦᠯᠵᠡᠢ᠃ ᠲᠡᠳᠡ ᠪᠣᠳᠠᠲᠠᠶ ᠠᠵᠢᠯ ᠬᠢᠵᠦ ᠂ ᠰᠤᠷᠭᠠᠭᠤᠯᠢ ᠶᠢᠨ ᠪᠠᠭᠰᠢ ᠰᠤᠷᠤᠭᠴᠢ ᠪᠠ ᠭᠡᠷ ᠤᠨ ᠠᠬᠠᠮᠠᠳ ᠤᠨ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ ᠥᠷᠭᠡᠨ ᠳᠡᠯᠭᠡᠷ ᠰᠠᠶᠢᠰᠢᠶᠠᠯ ᠣᠯᠤᠭᠰᠠᠨ ᠪᠠᠶᠢᠨ᠎ᠠ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ