ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠥᠰ ᠤᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠤᠯᠪᠣᠭᠳᠠᠯ ᠪᠦᠬᠦᠢ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ ︵ᠭᠤᠷᠪᠠ︶
ᠨᠡᠶᠢᠲᠡᠯᠡᠭᠰᠡᠨ ᠴᠠᠭ᠄
2024/12/2
     ᠬᠤᠶᠠᠷ᠂ ᠠᠵᠢᠯ ᠠᠯᠳᠠᠭᠰᠠᠳ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠠᠪᠬᠤ ᠠᠴᠠ ᠡᠮᠦᠨ᠎ᠡ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠦᠭᠡᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠵᠢᠴᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠨᠢ ᠥᠪᠥᠷ ᠮᠣᠩᠭᠤᠯ ᠣᠷᠣᠨ ᠳᠤ ᠪᠠᠶᠢᠬᠤ ᠦᠭᠡᠢ ᠬᠥᠮᠥᠰ ᠳᠣᠣᠷᠠᠬᠢ ᠲᠣᠭᠲᠠᠭᠠᠯ ᠶᠣᠰᠣᠭᠠᠷ ᠭᠦᠢᠴᠡᠳᠬᠡᠨ᠎ᠡ᠃     ︵ᠨᠢᠭᠡ︶ ᠠᠵᠢᠯ ᠠᠯᠳᠠᠭᠰᠠᠳ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠᠨ ᠠᠪᠬᠤ ᠠᠴᠠ ᠡᠮᠦᠨ᠎ᠡ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠵᠢᠴᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠦᠭᠡᠢ ᠪᠠᠶᠢᠪᠠᠯ᠂ ᠲᠣᠰ ᠬᠥᠮᠥᠨ ᠤ ᠵᠥᠪᠰᠢᠶᠡᠷᠡᠯ ᠢ ᠠᠪᠤᠭᠰᠠᠨ ᠤ ᠳᠠᠷᠠᠭ᠎ᠠ᠂ ᠠᠵᠢᠯ ᠠᠯᠳᠠᠭᠰᠠᠳ ᠤᠨ ᠳᠠᠭᠠᠳᠬᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠢ ᠲᠠᠩᠰᠠᠨ ᠤ ᠪᠠᠷᠢᠮᠵᠢᠶ᠎ᠠ ᠶᠣᠰᠣᠭᠠᠷ᠂ ᠲᠡᠭᠦᠨ ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠭᠠᠳᠬᠠᠯ ᠳᠤ ᠣᠷᠣᠯᠴᠠᠬᠤ ᠭᠠᠷᠳᠠᠮ ᠢ ᠭᠦᠢᠴᠡᠳᠬᠡᠬᠦ ᠶᠢᠨ ᠬᠠᠮᠲᠤ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠰᠦᠢᠳᠬᠡᠯ ᠪᠠ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠨᠡᠯᠭᠡ ᠶᠢᠨ ᠵᠠᠷᠤᠳᠠᠯ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠬᠢᠨᠠᠨ ᠲᠣᠭᠲᠠᠭᠠᠵᠤ ᠲᠤᠰᠢᠶᠠᠵᠤ ᠥᠭᠴᠦ ᠪᠣᠯᠣᠨ᠎ᠠ᠃     ︵ᠬᠤᠶᠠᠷ︶ ᠠᠵᠢᠯ ᠠᠯᠳᠠᠭᠰᠠᠳ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠᠨ ᠠᠪᠬᠤ ᠠᠴᠠ ᠡᠮᠦᠨ᠎ᠡ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠪᠠᠶᠢᠪᠠᠯ᠂ ᠬᠡᠷᠪᠡ ᠠᠵᠢᠯ ᠠᠯᠳᠠᠭᠰᠠᠳ ᠤᠨ ᠳᠠᠭᠠᠳᠬᠠᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠠᠴᠠ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠰᠦᠢᠳᠬᠡᠯ ᠢ ᠣᠷᠣᠯᠠᠨ ᠲᠤᠰᠢᠶᠠᠵᠤ ᠥᠭᠬᠦ ᠴᠢᠬᠤᠯᠠᠲᠠᠢ ᠪᠣᠯ ᠲᠣᠰ ᠬᠥᠮᠥᠨ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠤᠰᠢᠶᠠᠬᠤ ᠪᠠᠨ ᠵᠣᠭᠰᠣᠭᠠᠭᠰᠠᠨ ᠤ ᠳᠠᠷᠠᠭ᠎ᠠ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠢ ᠰᠢᠯᠵᠢᠭᠦᠯᠦᠨ ᠲᠤᠰᠢᠶᠠᠬᠤ ᠪᠠᠷ ᠭᠤᠶᠤᠴᠢᠯᠠᠵᠤ᠂ ᠠᠵᠢᠯ ᠠᠯᠳᠠᠭᠰᠠᠳ ᠤᠨ ᠳᠠᠭᠠᠳᠬᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠭᠤᠶᠤᠴᠢᠯᠠᠯ ᠢ ᠣᠯᠣᠭᠰᠠᠨ ᠲᠡᠷᠡ ᠰᠠᠷ᠎ᠠ ᠠᠴᠠ ᠡᠬᠢᠯᠡᠨ ᠲᠡᠭᠦᠨ ᠳᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠳᠠᠭᠠᠳᠬᠠᠯ ᠳᠤ ᠣᠷᠣᠯᠴᠠᠬᠤ ᠭᠠᠷᠳᠠᠮ ᠢ ᠭᠦᠢᠴᠡᠳᠬᠡᠵᠦ ᠥᠭᠬᠦ ᠶᠢᠨ ᠬᠠᠮᠲᠤ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠬᠢᠨᠠᠨ ᠲᠣᠭᠲᠠᠭᠠᠵᠤ᠂ ᠲᠤᠰᠢᠶᠠᠵᠤ ᠥᠭᠭᠦᠨ᠎ᠡ᠃     ︵ᠭᠤᠷᠪᠠ︶ ᠠᠵᠢᠯ ᠠᠯᠳᠠᠭᠰᠠᠳ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠᠨ ᠠᠪᠬᠤ ᠠᠴᠠ ᠡᠮᠦᠨ᠎ᠡ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠪᠠᠨ ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ᠭᠠᠵᠠᠷ ᠣᠷᠣᠨ ᠳᠤ ᠰᠢᠯᠵᠢᠭᠦᠯᠦᠭᠰᠡᠨ ᠪᠠᠶᠢᠪᠠᠯ᠂ ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠪᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠢᠯᠵᠢᠭᠦᠯᠦᠨ ᠠᠪᠴᠢᠷᠠᠬᠤ ᠬᠡᠷᠡᠭᠳᠡᠢ ᠪᠥᠭᠡᠳ ᠠᠵᠢᠯ ᠠᠯᠳᠠᠭᠰᠠᠳ ᠤᠨ ᠳᠠᠭᠠᠳᠬᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠮᠡᠳᠡᠭᠳᠡᠬᠦ ᠴᠢᠬᠤᠯᠠᠲᠠᠢ᠂ ᠠᠵᠢᠯ ᠠᠯᠳᠠᠭᠰᠠᠳ ᠤᠨ ᠳᠠᠭᠠᠳᠬᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠮᠡᠳᠡᠭᠳᠡᠯ ᠢ ᠣᠯᠣᠭᠰᠠᠨ ᠲᠡᠷᠡ ᠰᠠᠷ᠎ᠠ ᠠᠴᠠ ᠡᠬᠢᠯᠡᠨ ᠲᠡᠭᠦᠨ ᠳᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠳᠠᠭᠠᠳᠬᠠᠯ ᠳᠤ ᠣᠷᠣᠯᠴᠠᠬᠤ ᠭᠠᠷᠳᠠᠮ ᠢ ᠭᠦᠢᠴᠡᠳᠬᠡᠵᠦ ᠥᠭᠬᠦ ᠶᠢᠨ ᠬᠠᠮᠲᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠬᠢᠨᠠᠨ ᠲᠣᠭᠲᠠᠭᠠᠵᠤ᠂ ᠲᠤᠰᠢᠶᠠᠵᠤ ᠥᠭᠭᠦᠨ᠎ᠡ᠃     ᠠᠵᠢᠯ ᠠᠯᠳᠠᠭᠰᠠᠳ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠠᠪᠬᠤ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ᠂ ᠳᠠᠬᠢᠨ ᠠᠵᠢᠯ ᠣᠯᠣᠭᠰᠠᠨ ᠪᠠᠶᠢᠪᠠᠯ᠂ ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠨ᠎ᠠ︔ ᠠᠵᠢᠯ ᠣᠯᠣᠭᠰᠠᠨ ᠦᠭᠡᠢ ᠪᠠᠶᠢᠪᠠᠯ᠂ ᠰᠠᠶᠢᠨ ᠳᠤᠷ᠎ᠠ ᠶᠢᠨ ᠵᠠᠷᠴᠢᠮ ᠶᠣᠰᠣᠭᠠᠷ ᠠᠮᠢᠳᠤᠯᠢᠭ ᠢᠶᠠᠷ ᠠᠵᠢᠯ ᠣᠯᠣᠭᠰᠠᠳ ᠤᠨ ᠬᠤᠪᠢ ᠪᠠᠷ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠪᠣᠯᠬᠤ ᠪᠥᠭᠡᠳ ᠳᠠᠭᠠᠳᠬᠠᠯ ᠤᠨ ᠮᠥᠩᠭᠦ ᠠᠪᠬᠤ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠰᠠᠷ᠎ᠠ ᠶᠢᠨ 15 ᠡᠳᠦᠷ ᠠᠴᠠ ᠰᠡᠭᠦᠯᠡᠷ ᠲᠤᠰ ᠬᠥᠮᠥᠨ ᠤ ᠪᠠᠶᠢᠭ᠎ᠠ ᠨᠡᠶᠢᠭᠡᠮ ᠲᠣᠭᠤᠷᠢᠭ᠂ ᠬᠡᠷᠡᠭ ᠡᠷᠬᠢᠯᠡᠬᠦ ᠭᠠᠵᠠᠷ ᠲᠤ ᠬᠦᠷᠴᠦ ᠬᠢᠨᠠᠨ ᠲᠣᠭᠲᠠᠭᠠᠯᠭᠠᠵᠤ᠂ ᠰᠦᠢᠳᠬᠡᠯ ᠲᠤᠰᠢᠶᠠᠵᠤ ᠪᠣᠯᠣᠨ᠎ᠠ᠃     ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ                            2024 ᠣᠨ ᠤ 8 ᠰᠠᠷ᠎ᠠ ᠶᠢᠨ 14 ᠤ ᠡᠳᠦᠷ
ᠢᠷᠡᠯᠲᠡ᠄ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ