ᠶᠠᠨ ᠯᠢ ᡁᠢ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠬᠤᠯᠪᠣᠭᠳᠠᠯ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/12/23
      12 ᠰᠠᠷ᠎ᠠ ᠶᠢᠨ 17 ᠤ ᠡᠳᠦᠷ᠂ ᠡᠷᠭᠦᠨ᠎ᠡ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠨ ᠯᠢ ᡁᠢ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠨᠢᠭᠡ ᠭᠤᠣᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠶᠡᠭᠡ ᠡᠭᠦᠷᠭᠡ︾ ᠶᠢ ᠲᠦᠷᠭᠡᠨ  ᠨᠠᠶᠢᠳᠠᠪᠤᠷᠢᠵᠢᠭᠤᠯᠤᠨ᠂ ︽ᠵᠢᠷᠭᠤᠭᠠᠨ ᠢᠨᠵᠧᠨᠧᠷᠢᠩ︾ ᠢ ᠠᠬᠢᠭᠤᠯᠵᠤ᠂ ︽ᠲᠠᠪᠤᠨ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠪᠠᠶᠢᠴᠠᠭᠠᠨ ᠰᠤᠳᠤᠯᠬᠤ ᠰᠡᠳᠦᠪ︾ ᠤᠨ ᠲᠣᠭᠤᠷᠢᠨ ᠳᠤ᠂ ᠦᠨᠳᠦᠰᠦᠨ ᠱᠠᠲᠤᠨ ᠤ ᠠᠮᠢ ᠠᠬᠤᠶ ᠶᠢᠨ ᠬᠠᠤᠯᠢ ᠬᠡᠷᠡᠭᠵᠢᠭᠦᠯᠬᠦ ᠰᠢᠰᠲ᠋ᠧᠮ ᠤᠨ ᠪᠠᠶᠢᠭᠤᠯᠤᠯᠲᠠ᠂ ᠪᠥᠬᠦ ᠬᠦᠴᠦᠨ ᠵᠦᠢᠯ ᠤᠨ ᠡᠬᠢ ᠪᠠᠶᠠᠯᠢᠭ ᠢ ᠪᠠᠶᠢᠴᠠᠭᠠᠬᠤ ᠵᠢᠴᠢ ᠲᠥᠷᠥᠯ ᠵᠦᠢᠯ ᠢ ᠰᠦᠪᠡᠭᠴᠢᠯᠡᠬᠦ᠂ ᠡᠯ᠎ᠡ ᠲᠥᠷᠥᠯ ᠤᠨ ᠭᠠᠵᠠᠷ ᠰᠢᠷᠣᠶ ᠶᠢᠨ ᠶᠡᠷᠦᠩᠬᠡᠶ ᠬᠡᠮᠵᠢᠶ᠎ᠡ ᠶᠢ ᠪᠠᠶᠢᠴᠠᠭᠠᠬᠤ᠂ ᠺᠠᠳ᠋ᠷ ᠠᠵᠢᠯᠲᠠᠨ ᠠᠵᠢᠯᠴᠢᠨ ᠤ ᠴᠢᠯᠥᠭᠡ ᠭᠤᠶᠤᠬᠤ ᠲᠦᠷᠢᠮ ᠢ ᠬᠡᠷᠡᠭᠵᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠡᠷᠭᠦᠨ᠎ᠡ ᠬᠤᠲᠠ ᠶᠢᠨ 2025 ᠣᠨ ᠤ ᠪᠠᠶᠢᠰᠢᠩ ᠬᠡᠷ ᠤᠨ ᠲᠣᠭᠤᠷᠢᠭ ᠢ ᠥᠭᠡᠷᠡᠴᠢᠯᠡᠨ ᠵᠠᠰᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ᠢ ᠰᠤᠳᠤᠯᠤᠨ ᠵᠥᠪᠯᠡᠪᠡ᠃      ᠶᠠᠨ ᠯᠢ ᡁᠢ ᠴᠢᠬᠤᠯᠠᠴᠢᠯᠠᠭᠰᠠᠨ ᠨᠢ ᠠᠮᠢ ᠠᠬᠤᠶ ᠶᠢᠨ ᠬᠠᠤᠯᠢ ᠬᠡᠷᠡᠭᠵᠢᠭᠦᠯᠬᠦ ᠰᠢᠰᠲ᠋ᠧᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠥᠯᠥᠨ ᠪᠤᠶᠢᠷ ᠬᠤᠲᠠ ᠶᠢᠨ ᠶᠡᠷᠦᠩᠬᠡᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠ ᠴᠢᠨᠠᠷᠯᠢᠭ ᠬᠦᠭᠵᠢᠯᠲᠡ ᠶᠢ ᠪᠠᠷᠢᠮᠲᠠᠯᠠᠵᠤ᠂ ︽ ᠶᠡᠭᠡ ᠬᠠᠤᠯᠢ ᠬᠡᠷᠡᠭᠵᠢᠭᠦᠯᠬᠦ︾ ᠰᠢᠰᠲ᠋ᠧᠮ ᠤᠨ ᠥᠭᠡᠷᠡᠴᠢᠯᠡᠯᠲᠡ ᠶᠢ ᠴᠢᠩᠭ᠎ᠠ ᠠᠳᠬᠤᠵᠤ᠂ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠳᠠᠯᠭ᠎ᠠ ᠲᠠᠢ ᠠᠰᠠᠭᠤᠳᠠᠯ ᠢ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠤᠨ᠎ᠠ᠃ ᠳᠤᠲᠠᠭᠳᠠᠯ ᠢᠶᠠᠨ ᠵᠣᠷᠢᠭᠲᠠᠢ ᠳᠤᠷᠠᠳᠴᠤ᠂ ᠲᠤᠰᠬᠠᠢ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠲᠦᠷᠦᠯ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ  ᠪᠠᠶᠢᠴᠠᠭᠠᠨ᠂ ᠡᠷᠡᠰ ᠴᠣᠬᠢᠯᠲᠠ ᠥᠭᠴᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠨ᠎ᠠ᠃     ᠬᠤᠷᠠᠯ ᠠᠴᠠ ᠪᠠᠰᠠ ︽ ᠠᠷᠪᠠᠨ ᠲᠠᠪᠤᠳᠤᠭᠠᠷ ᠲᠠᠪᠤᠨ ᠵᠢᠯ ︾ ᠤᠨ ᠲᠥᠯᠥᠪᠵᠢᠭᠦᠯᠭᠡ ᠶᠢ ᠨᠠᠶᠢᠷᠠᠭᠤᠯᠬᠤ ᠂ ᠠᠵᠤ ᠠᠬᠤᠶ ᠶᠢᠨ ᠠᠵᠢᠯᠯᠠᠭ᠎ᠠ᠂ ᠠᠶᠤᠯᠭᠦᠶ ᠦᠢᠯᠡᠳᠪᠦᠷᠢᠯᠡᠯ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠠᠶᠤᠯ ᠲᠦᠭᠰᠢᠭᠦᠷᠢ ᠶᠢ ᠪᠠᠶᠢᠴᠠᠭᠠᠬᠤ ᠵᠡᠷᠭᠡ ᠠᠵᠢᠯ ᠢ ᠪᠠᠶᠢᠷᠢᠯᠠᠭᠤᠯᠵᠠᠶ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ