ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠬᠤᠶᠠᠷ︶
ᠨᠡᠶᠢᠲᠡᠯᠡᠭᠰᠡᠨ ᠴᠠᠭ᠄
2024/12/23
     ᠨᠢᠭᠡ᠂ ᠶᠡᠷᠦᠩᠬᠡᠢ ᠱᠠᠭᠠᠷᠳᠠᠯᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ᠂ ᠡᠮᠴᠢᠯᠡᠭᠡᠨ ᠤ ᠦᠷᠳᠡᠭ ᠢᠶᠠᠷ ᠤᠳᠤᠷᠢᠳᠤᠮᠵᠢ ᠪᠣᠯᠭᠠᠬᠤ᠂ ᠡᠮᠴᠢᠯᠡᠭᠡᠨ ᠤ ᠦᠢᠯᠡᠰ ᠤᠨ ᠬᠥᠭᠵᠢᠯᠲᠡ ᠶᠢᠨ ᠵᠢᠮ᠎ᠡ ᠶᠣᠰᠣ ᠪᠠᠷ ᠵᠢᠷᠤᠮᠯᠠᠯ ᠪᠣᠯᠭᠠᠬᠤ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠣᠬᠢᠷᠠᠬᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ᠂ ᠡᠮᠴᠢᠯᠡᠭᠡᠨ ᠤ ᠪᠠᠶᠢᠭᠤᠯᠤᠮᠵᠢ ᠭᠦᠢᠴᠡᠳ ᠣᠷᠤᠯᠴᠠᠬᠤ᠂ ᠮᠡᠷᠭᠡᠵᠢᠯ ᠤᠨ ᠬᠥᠳᠡᠯᠮᠦᠷᠢ ᠶᠢᠨ ᠦᠷᠳᠡᠭ ᠢ ᠢᠯᠡᠷᠡᠭᠦᠯᠵᠦ ᠳᠡᠶᠢᠯᠬᠦ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠪᠠ ᠶᠡᠷᠦᠩᠬᠡᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ᠂ ᠲᠦᠷᠦᠯ ᠬᠤᠪᠢᠶᠠᠨ ᠪᠦᠷᠢᠯᠳᠦᠭᠦᠯᠬᠦ᠂ ᠬᠥᠳᠡᠯᠦᠩᠭᠦᠢ ᠪᠠᠷ ᠲᠣᠬᠢᠷᠠᠭᠤᠯᠬᠤ᠂ ᠬᠢᠨᠠᠨ ᠰᠢᠨᠵᠢᠵᠦ ᠰᠢᠯᠭᠠᠨ ᠬᠢᠨᠠᠬᠤ᠂ ᠲᠦᠷᠦᠯ ᠵᠦᠢᠯ ᠢ ᠬᠠᠮᠢᠶᠠᠷᠬᠤ ᠦᠨ᠎ᠡ ᠬᠠᠩᠰᠢ ᠶᠢᠨ ᠪᠦᠷᠢᠯᠳᠦᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠯᠠᠨ ᠲᠦᠮᠡᠨ ᠤ ᠳᠠᠷᠤᠭᠠᠰᠤ ᠡᠭᠦᠷᠭᠡᠯᠡᠯ ᠨᠢ ᠶᠡᠷᠦᠩᠬᠡᠢ ᠳᠤ ᠪᠠᠨ ᠲᠣᠭᠲᠠᠪᠤᠷᠢᠲᠠᠢ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠳᠠᠭᠠᠭᠠᠵᠤ ᠳᠡᠶᠢᠯᠬᠦ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠨᠢ ᠦᠨᠡᠨ ᠬᠦ ᠪᠠᠲᠤᠯᠠᠬᠤ ᠬᠡᠷᠡᠭᠲᠡᠢ᠃ 2025 ᠣᠨ ᠤ ᠰᠡᠭᠦᠯᠴᠢ ᠪᠣᠯᠬᠤ ᠳᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠠᠵᠢᠯᠯᠠᠭᠠᠨ ᠤ ᠰᠢᠨ᠎ᠡ ᠲᠣᠭᠲᠠᠴᠠ ᠶᠢ ᠦᠨᠳᠦᠰᠦᠨ ᠳᠤ ᠪᠠᠨ ᠬᠡᠪᠰᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠨᠠᠩ ᠪᠦᠷᠢᠨᠰᠢᠭᠦᠯᠦᠨ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠪᠦᠲᠦᠴᠡ ᠶᠢ ᠢᠯᠡᠳᠲᠡ ᠰᠢᠯᠢᠳᠡᠭᠵᠢᠭᠦᠯᠵᠦ᠂ ᠵᠢᠷᠤᠮᠯᠠᠨ ᠳᠠᠭᠤᠷᠢᠶᠠᠵᠤ ᠳᠡᠯᠭᠡᠷᠡᠭᠦᠯᠵᠦ ᠪᠣᠯᠬᠤᠶᠢᠴᠠ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠤᠷᠰᠢᠯᠭ᠎ᠠ ᠬᠢᠳᠡᠯ ᠢ ᠪᠦᠷᠢᠯᠳᠦᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ