ᠬᠤᠶᠠᠷ᠂ ᠭᠤᠣᠯᠳᠠᠯᠭᠠᠲᠤ ᠡᠭᠦᠷᠭᠡ | ︵ᠨᠢᠭᠡ︶ ᠬᠤᠷᠸ᠎ᠠ ᠬᠠᠮᠢᠶᠠᠷᠤᠯᠲᠠ ᠶᠢᠨ ᠦᠨ᠎ᠡ ᠬᠠᠩᠰᠢ ᠶᠢᠨ ᠶᠡᠷᠦᠩᠬᠡᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠲᠣᠭᠲᠠᠴᠠ ᠶᠢ ᠪᠠᠶᠢᠭᠤᠯᠤᠨ᠎ᠠ᠃ | 1. ᠲᠣᠬᠢᠷᠠᠭᠤᠯᠤᠯᠲᠠ ᠬᠢᠬᠦ ᠦᠨ᠎ᠡ ᠬᠠᠩᠰᠢ ᠶᠢᠨ ᠶᠡᠷᠦᠩᠬᠡᠢ ᠬᠡᠮᠵᠢᠶ᠎ᠡ ᠶᠢ ᠵᠦᠢ ᠵᠣᠬᠢᠰᠲᠠᠢ ᠲᠣᠭᠲᠠᠭᠠᠨ᠎ᠠ᠃ ᠦᠨ᠎ᠡ ᠬᠠᠩᠰᠢ ᠶᠢᠨ ᠶᠡᠷᠦᠩᠬᠡᠢ ᠬᠡᠮᠵᠢᠶ᠎ᠡ ᠶᠢ | ᠲᠣᠬᠢᠷᠠᠭᠤᠯᠤᠨ ᠡᠵᠡᠮᠳᠡᠬᠦ ᠪᠣᠳᠠᠲᠠᠢ ᠳᠦᠷᠢᠮ ᠪᠠ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠲᠣᠭᠲᠠᠭᠠᠨ᠎ᠠ᠃ ᠡᠯ᠎ᠡ ᠠᠶᠢᠮᠠᠭ ᠬᠤᠲᠠ ᠨᠢ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠦᠢᠯᠡᠴᠢᠯᠡᠭᠡᠨ ᠤ ᠶᠡᠷᠦᠩᠬᠡᠢ ᠣᠷᠣᠯᠭ᠎ᠠ ︵ᠡᠮ ᠤᠨ ᠵᠦᠢᠯ᠂ ᠡᠷᠡᠭᠦᠯ ᠬᠠᠮᠠᠭᠠᠯᠠᠯ ᠤᠨ | ᠮᠠᠲ᠋ᠧᠷᠢᠶᠠᠯ ᠤᠨ ᠣᠷᠣᠯᠭ᠎ᠠ ᠪᠠᠭᠲᠠᠬᠤ ᠦᠭᠡᠢ︶ ᠪᠠᠷ ᠥᠩᠭᠡᠷᠡᠭᠰᠡᠨ ᠤ ᠰᠠᠭᠤᠷᠢ ᠲᠤᠭ᠎ᠠ ᠪᠣᠯᠭᠠᠵᠤ᠂ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ᠂ ᠡᠮ | ᠡᠮᠨᠡᠯᠭᠡ ᠶᠢᠨ ᠵᠠᠷᠤᠳᠠᠯ ᠤᠨ ᠬᠡᠪᠴᠢᠶᠡᠵᠢᠯ ᠪᠠ ᠪᠦᠲᠦᠴᠡ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠪᠡᠯᠡ ᠴᠤᠭᠯᠠᠭᠤᠯᠤᠨ ᠠᠵᠢᠯᠯᠠᠭᠤᠯᠬᠤ᠂ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ ᠤ ᠥᠪᠡᠷ ᠤᠨ ᠥᠷᠲᠡᠭ ᠪᠠ ᠬᠠᠮᠢᠶᠠᠷᠤᠯᠲᠠ ᠶᠢᠨ ᠠᠵᠢᠯ ᠤᠨ ᠠᠮᠵᠢᠯᠲᠠ ᠪᠦᠲᠦᠮᠵᠢ᠂ | ᠡᠪᠡᠳᠴᠢᠲᠡᠨ ᠤ ᠣᠷᠣᠨ ᠪᠦᠰᠡ ᠠᠯᠤᠰᠯᠠᠨ ᠶᠠᠪᠤᠵᠤ ᠰᠢᠯᠵᠢᠬᠦ᠂ ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠵᠡᠷᠭᠡ ᠬᠠᠮᠢᠶ᠎ᠠ ᠪᠦᠬᠦᠢ ᠬᠦᠴᠦᠨ ᠵᠦᠢᠯ ᠢ | ᠶᠡᠷᠦᠩᠬᠡᠶᠢᠯᠡᠨ ᠪᠣᠳᠣᠯᠬᠢᠯᠠᠵᠤ᠂ ᠨᠡᠮᠡᠭᠳᠡᠯ ᠤᠨ ᠢᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ᠃ ᠲᠣᠬᠢᠷᠠᠭᠤᠯᠤᠯᠲᠠ ᠬᠢᠭᠰᠡᠨ ᠦᠨ᠎ᠡ | ᠬᠠᠩᠰᠢ ᠶᠢᠨ ᠶᠡᠷᠦᠩᠬᠡᠢ ᠬᠡᠮᠵᠢᠶ᠎ᠡ ᠶᠢ ᠲᠤᠰ ᠵᠢᠯ ᠳᠤ ᠬᠡᠷᠡᠭᠯᠡᠬᠦ ᠪᠠᠷ ᠬᠢᠵᠠᠭᠠᠷᠯᠠᠵᠤ᠂ ᠬᠡᠷᠡᠭᠯᠡᠵᠦ ᠳᠠᠭᠤᠰᠬᠠᠭᠰᠠᠨ ᠦᠭᠡᠢ ᠶᠢ ᠨᠢ ᠢᠷᠡᠬᠦ ᠵᠢᠯ ᠳᠤ ᠨᠡᠶᠢᠯᠡᠭᠦᠯᠵᠦ | ᠪᠣᠳᠣᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠤᠭ᠎ᠠ | ᠪᠦᠷᠢᠳᠬᠡᠯ ᠤᠨ ᠲᠣᠪᠴᠢᠶ᠎ᠠ᠃ ᠨᠢᠭᠡᠳᠦᠭᠡᠷ ᠲᠤ ᠵᠢᠭᠰᠠᠭᠠᠭᠰᠠᠨ ᠨᠢ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠪᠣᠯᠣᠨ᠎ᠠ᠂ ᠪᠤᠰᠤᠳ ᠰᠠᠯᠠᠭ᠎ᠠ ᠮᠥᠴᠢᠷ ᠨᠢ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠮᠵᠢᠯᠴᠠᠬᠤ ᠰᠠᠯᠠᠭ᠎ᠠ ᠮᠥᠴᠢᠷ ᠪᠣᠯᠣᠨ᠎ᠠ᠂ ᠳᠣᠷᠣᠭᠰᠢ ᠠᠳᠠᠯᠢ︶ | 2. ᠶᠡᠷᠦᠩᠬᠡᠢ ᠬᠡᠮᠵᠢᠶᠡᠨ ᠤ ᠬᠤᠪᠢᠶᠠᠷᠢᠯᠠᠯᠲᠠ ᠶᠢ ᠨᠢᠭᠡᠳᠦᠯᠲᠡᠢ ᠲᠥᠯᠥᠪᠯᠡᠵᠦ ᠲᠡᠩᠴᠡᠭᠦᠷᠢᠰᠢᠭᠦᠯᠦᠨ᠎ᠡ᠃ ᠨᠡᠶᠢᠳᠡᠮ ᠬᠡᠷᠡᠭᠯᠡᠬᠦ ᠬᠡᠯᠪᠡᠷᠢ ᠶᠢᠨ ᠲᠥᠷᠥᠯ ᠵᠦᠢᠯ᠂ | ᠪᠤᠳᠤᠯᠢᠶᠠᠨᠲᠠᠢ ᠬᠡᠯᠪᠡᠷᠢ ᠶᠢᠨ ᠲᠥᠷᠥᠯ ᠵᠦᠢᠯ᠂ ᠲᠤᠰᠬᠠᠢ ᠵᠦᠢᠯ ᠢᠶᠠᠷ ᠦᠨ᠎ᠡ ᠬᠠᠩᠰᠢ ᠳᠤ ᠲᠣᠬᠢᠷᠠᠭᠤᠯᠤᠯᠲᠠ ᠬᠢᠬᠦ ᠶᠡᠷᠦᠩᠬᠡᠢ ᠬᠡᠮᠵᠢᠶᠡᠨ ᠤ ᠬᠤᠪᠢᠶᠠᠷᠢᠯᠠᠯᠲᠠ ᠶᠢᠨ | ᠳᠦᠷᠢᠮ ᠢ ᠲᠣᠭᠲᠠᠭᠠᠵᠤ᠂ ᠭᠤᠣᠯᠳᠠᠭᠤ ᠥᠩᠭᠡᠷᠡᠭᠰᠡᠨ ᠳᠤ ᠦᠨ᠎ᠡ ᠬᠠᠩᠰᠢ ᠨᠢ ᠬᠠᠷᠢᠴᠠᠩᠭᠤᠢ ᠳᠣᠣᠷ᠎ᠠ᠂ ᠡᠮᠴᠢᠯᠡᠭᠡᠨ ᠤ ᠬᠠᠩᠭᠠᠯᠭ᠎ᠠ ᠬᠦᠷᠦᠯᠴᠡᠬᠦ ᠦᠭᠡᠢ ᠪᠠᠶᠢᠭ᠎ᠠ | ᠵᠡᠷᠭᠡ ᠪᠠᠭᠤᠷᠠᠢ ᠬᠢᠴᠢᠶᠡᠯ ᠰᠢᠨᠵᠢᠯᠡᠭᠡᠨ ᠤ ᠲᠥᠷᠥᠯ ᠵᠦᠢᠯ ᠲᠡᠶᠢᠰᠢ ᠬᠡᠯᠪᠠᠶᠢᠯᠭᠡᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮᠨᠡᠯᠭᠡ ︵ | ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ ᠳᠡᠮᠵᠢᠨ᠎ᠡ᠃ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠴᠠᠭᠠᠨ ᠰᠢᠯᠭᠠᠬᠤ ᠵᠡᠷᠭᠡ | ᠲᠠᠯ᠎ᠠ ᠶᠢᠨ ᠦᠨ᠎ᠡ ᠬᠠᠩᠰᠢ ᠨᠢ ᠬᠠᠷᠢᠴᠠᠩᠭᠤᠢ ᠥᠨᠳᠥᠷ ᠲᠥᠷᠥᠯ ᠵᠦᠢᠯ ᠤᠨ ᠦᠨ᠎ᠡ ᠬᠠᠩᠰᠢ ᠶᠢ ᠰᠠᠨᠠᠭᠠᠴᠢᠯᠠᠭ᠎ᠠ ᠠᠴᠠ ᠪᠠᠨ ᠪᠠᠭᠤᠷᠠᠭᠤᠯᠬᠤ ᠶᠢ ᠵᠣᠷᠢᠭᠵᠢᠭᠤᠯᠵᠤ᠂ | ᠦᠨ᠎ᠡ ᠬᠠᠩᠰᠢ ᠪᠠᠨ ᠪᠠᠭᠤᠷᠠᠭᠤᠯᠤᠭᠰᠠᠨ ᠬᠡᠮᠵᠢᠶ᠎ᠡ ᠪᠠ ᠦᠢᠯᠡᠴᠢᠯᠡᠭᠡᠨ ᠤ ᠬᠡᠮᠵᠢᠶ᠎ᠡ ᠪᠠᠷ ᠲᠥᠰᠥᠭᠡᠯᠡᠨ ᠪᠣᠳᠣᠭᠰᠠᠨ ᠵᠣᠭᠤᠰ ᠤᠨ ᠲᠤᠭ᠎ᠠ ᠪᠠᠷ ᠦᠨ᠎ᠡ ᠬᠠᠩᠰᠢ ᠶᠢᠨ | ᠲᠣᠬᠢᠷᠠᠭᠤᠯᠤᠯᠲᠠ ᠬᠢᠬᠦ ᠶᠡᠷᠦᠩᠬᠡᠢ ᠬᠡᠮᠵᠢᠶ᠎ᠡ ᠪᠠᠨ ᠥᠷᠭᠡᠳᠬᠡᠬᠦ ᠶᠢ ᠵᠥᠪᠰᠢᠶᠡᠷᠡᠨ᠎ᠡ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ |