ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠳᠦᠷᠪᠡ︶
ᠨᠡᠶᠢᠲᠡᠯᠡᠭᠰᠡᠨ ᠴᠠᠭ᠄
2024/12/23
     ︵ᠬᠤᠶᠠᠷ︶ ᠵᠢᠷᠤᠮᠵᠢᠭᠤᠨ ᠡᠮᠬᠢ ᠵᠢᠷᠤᠮ ᠲᠠᠢ ᠦᠨ᠎ᠡ ᠬᠠᠩᠰᠢ ᠶᠢᠨ ᠲᠦᠷᠦᠯ ᠬᠤᠪᠢᠶᠠᠭᠰᠠᠨ ᠪᠦᠷᠢᠯᠳᠦᠯ ᠤᠨ ᠲᠣᠭᠲᠠᠴᠠ ᠶᠢ ᠪᠠᠶᠢᠭᠤᠯᠤᠨ᠎ᠠ    1. ᠨᠡᠶᠢᠳᠡᠮ ᠬᠡᠷᠡᠭᠯᠡᠬᠦ ᠬᠡᠯᠪᠡᠷᠢ ᠶᠢᠨ ᠲᠥᠷᠥᠯ ᠵᠦᠢᠯ ᠤᠨ ᠦᠨ᠎ᠡ ᠬᠠᠩᠰᠢ ᠶᠢᠨ ᠪᠦᠷᠢᠯᠳᠦᠯ᠃ ᠡᠮᠴᠢᠯᠡᠭᠡᠨ ᠤ ᠪᠠᠶᠢᠭᠤᠯᠤᠮᠵᠢ ᠶᠢᠨ ᠨᠡᠶᠢᠳᠡᠮ ᠥᠷᠨᠢᠭᠦᠯᠵᠦ ᠪᠠᠶᠢᠭ᠎ᠠ᠂ ᠦᠢᠯᠡᠴᠢᠯᠡᠭᠡᠨ ᠤ ᠠᠳᠠᠯᠢ ᠲᠡᠭᠰᠢ ᠬᠡᠮᠵᠢᠶ᠎ᠡ ᠪᠠ ᠡᠮᠴᠢᠯᠡᠭᠡᠨ ᠳᠤ ᠬᠡᠷᠡᠭᠯᠡᠬᠦ ᠳᠠᠪᠲᠠᠮᠵᠢ ᠨᠢ ᠬᠠᠷᠢᠴᠠᠩᠭᠤᠢ ᠥᠨᠳᠥᠷ ᠪᠠᠶᠢᠭ᠎ᠠ ᠲᠦᠷᠦᠯ ᠵᠦᠢᠯ ᠢ ᠨᠡᠶᠢᠳᠡᠮ ᠬᠡᠷᠡᠭᠯᠡᠬᠦ ᠬᠡᠯᠪᠡᠷᠢ ᠶᠢᠨ ᠡᠮᠴᠢᠯᠡᠭᠡᠨ ᠤ ᠦᠢᠯᠡᠴᠢᠯᠡᠭᠡ ᠶᠢᠨ ᠭᠠᠷᠴᠠᠭ ᠤᠨ ᠲᠣᠳᠣᠷᠬᠠᠢ ᠬᠠᠭᠤᠳᠠᠰᠤᠨ ᠳᠤ ᠣᠷᠣᠭᠤᠯᠤᠨ᠎ᠠ᠃ ᠨᠡᠶᠢᠳᠡᠮ ᠬᠡᠷᠡᠭᠯᠡᠬᠦ ᠬᠡᠯᠪᠡᠷᠢ ᠶᠢᠨ ᠲᠥᠷᠥᠯ ᠵᠦᠢᠯ ᠤᠨ ᠦᠨ᠎ᠡ ᠬᠠᠩᠰᠢ ᠳᠤ ᠲᠣᠬᠢᠷᠠᠭᠤᠯᠤᠯᠲᠠ ᠬᠢᠬᠦ ᠳᠦᠷᠢᠮ ᠢ ᠪᠠᠶᠢᠭᠤᠯᠵᠤ᠂ ᠦᠢᠯᠡᠴᠢᠯᠡᠭᠡᠨ ᠤ ᠬᠦᠴᠦᠨ ᠵᠦᠢᠯ ᠤᠨ ᠥᠪᠡᠷ ᠤᠨ ᠥᠷᠲᠡᠭ ᠤᠨ ᠲᠣᠮᠣ ᠳ᠋ᠠᠶᠢᠲ᠋ᠠ ᠶᠢᠨ ᠵᠠᠳᠠᠯᠤᠯᠲᠠ ᠳᠤ ᠰᠠᠭᠤᠷᠢᠯᠠᠨ᠂ ︽ᠠᠳᠠᠯᠢ ᠲᠥᠷᠥᠯ ᠢ ᠨᠢ ᠨᠡᠶᠢᠯᠡᠭᠦᠯᠬᠦ᠂ ᠡᠭᠡᠯᠵᠢᠯᠡᠨ ᠡᠷᠭᠢᠯᠳᠦᠭᠦᠯᠬᠦ᠂ ᠴᠢᠬᠤᠯᠠ ᠪᠦᠬᠦᠢ᠂ ᠵᠥᠪᠳᠡᠯᠴᠡᠬᠦ︾ ᠪᠠ ︽ᠥᠨᠳᠥᠷ ᠦᠨ᠎ᠡ ᠬᠠᠩᠰᠢ ᠳᠤ ᠥᠰᠬᠦ ᠬᠡᠮᠵᠢᠶ᠎ᠡ ᠶᠢ ᠨᠢ ᠪᠠᠭ᠎ᠠ ᠪᠠᠶᠢᠯᠭᠠᠬᠤ᠂ ᠳᠣᠣᠷ᠎ᠠ ᠦᠨ᠎ᠡ ᠬᠠᠩᠰᠢ ᠳᠤ ᠥᠰᠬᠦ ᠬᠡᠮᠵᠢᠶ᠎ᠡ ᠶᠢ ᠨᠢ ᠶᠡᠭᠡ ᠪᠠᠶᠢᠯᠭᠠᠬᠤ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠠᠴᠠ ᠵᠠᠰᠠᠭ ᠤᠨ ᠣᠷᠳᠣᠨ ᠤ ᠬᠠᠮᠤᠭ ᠤᠨ ᠥᠨᠳᠥᠷ ᠵᠢᠯᠤᠭᠤᠳᠬᠤ ᠦᠨ᠎ᠡ ᠶᠢ ᠨᠢᠭᠡᠳᠦᠯᠲᠡᠢ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    2. ᠪᠤᠳᠤᠯᠢᠶᠠᠨᠲᠠᠢ ᠬᠡᠯᠪᠡᠷᠢ ᠶᠢᠨ ᠲᠥᠷᠥᠯ ᠵᠦᠢᠯ ᠤᠨ ᠦᠨ᠎ᠡ ᠬᠠᠩᠰᠢ ᠶᠢᠨ ᠪᠦᠷᠢᠯᠳᠦᠯ᠃ ᠨᠡᠶᠢᠳᠡᠮ ᠬᠡᠷᠡᠭᠯᠡᠬᠦ ᠬᠡᠯᠪᠡᠷᠢ ᠶᠢᠨ ᠡᠮᠴᠢᠯᠡᠭᠡᠨ ᠤ ᠦᠢᠯᠡᠴᠢᠯᠡᠭᠡ ᠶᠢᠨ ᠭᠠᠷᠴᠠᠭ ᠤᠨ ᠲᠣᠳᠣᠷᠬᠠᠢ ᠬᠠᠭᠤᠳᠠᠰᠤᠨ ᠳᠤ ᠣᠷᠣᠭᠤᠯᠤᠭᠰᠠᠨ ᠦᠭᠡᠢ ᠲᠥᠷᠥᠯ ᠵᠦᠢᠯ ᠢ ᠴᠥᠮ ᠪᠤᠳᠤᠯᠢᠶᠠᠨᠲᠠᠢ ᠬᠡᠯᠪᠡᠷᠢ ᠶᠢᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠷᠥᠯ ᠵᠦᠢᠯ ᠢᠶᠠᠷ ᠬᠠᠮᠢᠶᠠᠷᠤᠨ᠎ᠠ᠃ ᠪᠤᠳᠤᠯᠢᠶᠠᠨᠲᠠᠢ ᠬᠡᠯᠪᠡᠷᠢ ᠶᠢᠨ ᠲᠥᠷᠥᠯ ᠵᠦᠢᠯ ᠳᠤ᠂ ᠵᠠᠰᠠᠭ ᠤᠨ ᠣᠷᠳᠣᠨ ᠵᠢᠭᠠᠨ ᠵᠢᠯᠣᠭᠤᠳᠬᠤ ᠪᠠ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠭᠦᠢᠴᠡᠳ ᠣᠷᠤᠯᠴᠠᠬᠤ ᠶᠢ ᠬᠠᠷᠢᠯᠴᠠᠨ ᠤᠶᠠᠯᠳᠤᠭᠤᠯᠬᠤ ᠦᠨ᠎ᠡ ᠬᠠᠩᠰᠢ ᠶᠢᠨ ᠪᠦᠷᠢᠯᠳᠦᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠢ᠃ ᠦᠨ᠎ᠡ ᠬᠠᠩᠰᠢ ᠶᠢᠨ ᠮᠡᠳᠡᠭᠦᠯᠬᠦ ᠳᠦᠷᠢᠮ ᠢ ᠲᠣᠭᠲᠠᠭᠠᠨ᠂ ᠦᠨ᠎ᠡ ᠬᠠᠩᠰᠢ ᠪᠠᠨ ᠮᠡᠳᠡᠭᠦᠯᠬᠦ ᠳᠡᠰ ᠳᠠᠷᠠᠭᠠᠯᠠᠯ ᠢ ᠵᠢᠷᠤᠮᠵᠢᠭᠤᠯᠵᠤ᠂ ︽ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠲᠥᠯᠥᠪᠯᠡᠬᠦ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠵᠢᠯᠴᠠᠬᠤ᠂ ᠤᠷᠢᠳ ᠢᠶᠠᠷ ᠶᠡᠷᠦᠩᠬᠡᠢ ᠳᠠᠷᠠᠭ᠎ᠠ ᠨᠢ ᠬᠤᠪᠢᠶᠠᠷᠢᠯᠠᠬᠤ᠂ ᠠᠶᠢᠮᠠᠭ ᠬᠤᠲᠠ ᠬᠤᠯᠪᠤᠭᠠᠯᠠᠨ ᠬᠥᠳᠡᠯᠦᠯᠴᠡᠬᠦ︾ ᠬᠤᠶᠠᠷ ᠡᠭᠡᠯᠵᠢ ᠶᠢᠨ ᠦᠨ᠎ᠡ ᠬᠠᠩᠰᠢ ᠮᠡᠳᠡᠭᠦᠯᠬᠦ ᠵᠠᠭᠪᠤᠷ ᠢ ᠰᠦᠪᠡᠭᠴᠢᠯᠡᠵᠦ᠂ ᠡᠮᠴᠢᠯᠡᠭᠡᠨ ᠤ ᠪᠠᠶᠢᠭᠤᠯᠤᠮᠵᠢ ᠪᠡᠶ᠎ᠡ ᠪᠠᠨ ᠳᠠᠭᠠᠭᠠᠵᠤ ᠦᠨ᠎ᠡ ᠬᠠᠩᠰᠢ ᠶᠢᠨ ᠰᠠᠨᠠᠭᠤᠯᠭ᠎ᠠ ᠳᠤᠷᠠᠳᠴᠤ᠂ ᠲᠣᠬᠢᠷᠠᠭᠤᠯᠬᠤ ᠪᠠᠷ ᠪᠠᠶᠢᠭ᠎ᠠ ᠲᠥᠷᠥᠯ ᠵᠦᠢᠯ ᠤᠨ ᠦᠨ᠎ᠡ ᠬᠠᠩᠰᠢ ᠶᠢ ᠳᠦᠷᠢᠮ ᠤᠨ ᠬᠡᠪᠴᠢᠶᠡᠨ ᠳᠤ ᠪᠦᠷᠢᠯᠳᠦᠭᠦᠯᠬᠦ ᠬᠡᠷᠡᠭᠲᠡᠢ᠃ ᠠᠵᠤ ᠠᠬᠤᠢ ᠶᠢᠨ ᠴᠢᠨᠠᠷᠲᠠᠢ ᠬᠦᠴᠦᠨ ᠵᠦᠢᠯ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠬᠦᠴᠦᠨ ᠵᠦᠢᠯ ᠵᠢᠴᠢ ᠡᠮᠴᠢᠯᠡᠭᠡᠨ ᠤ ᠪᠠᠶᠢᠭᠤᠯᠤᠮᠵᠢ ᠶᠢᠨ ᠬᠠᠮᠲᠤ ᠶᠢᠨ ᠲᠠᠨᠢᠯᠲᠠ ᠶᠢᠨ ᠬᠡᠮᠵᠢᠶ᠎ᠡ ᠪᠠᠷ ᠬᠦᠴᠦᠨ ᠪᠦᠬᠦᠢ ᠦᠨ᠎ᠡ ᠬᠠᠩᠰᠢ ᠮᠡᠳᠡᠭᠦᠯᠬᠦ ᠲᠥᠷᠥᠯ ᠵᠦᠢᠯ ᠤᠨ ᠡᠩ ᠲᠡᠷᠢᠭᠦᠨ ᠳᠤ ᠪᠠᠶᠢᠯᠭᠠᠬᠤ ᠳᠡᠰ ᠳᠠᠷᠠᠭᠠᠯᠠᠯ ᠢ ᠲᠣᠭᠲᠠᠭᠠᠵᠤ᠂ ᠦᠨ᠎ᠡ ᠬᠠᠩᠰᠢ ᠶᠢᠨ ᠲᠣᠬᠢᠷᠠᠭᠤᠯᠤᠯᠲᠠ ᠬᠢᠬᠦ ᠶᠡᠷᠦᠩᠬᠡᠢ ᠬᠡᠮᠵᠢᠶᠡᠨ ᠤ ᠬᠡᠪᠴᠢᠶᠡᠨ ᠳᠣᠲᠣᠷ᠎ᠠ ᠳᠡᠰ ᠳ᠋ᠤᠭᠠᠷ ᠨᠢ ᠡᠮᠦᠨᠡᠭᠦᠷ ᠪᠠᠶᠢᠭ᠎ᠠ ᠬᠦᠴᠦᠨ ᠪᠦᠬᠦᠢ ᠮᠡᠳᠡᠭᠦᠯᠦᠭᠰᠡᠨ ᠦᠨ᠎ᠡ ᠬᠠᠩᠰᠢ ᠶᠢ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠪᠣᠯᠭᠠᠨ ᠬᠤᠪᠢᠷᠠᠭᠤᠯᠤᠨ᠎ᠠ᠃ ᠬᠦᠴᠢᠷᠳᠡᠯ ᠪᠠ ᠲᠦᠭᠰᠢᠭᠦᠷᠢ ᠶᠡᠬᠡᠲᠡᠢ ᠮᠡᠰᠡ ᠵᠠᠰᠠᠯ ᠤᠨ ᠲᠥᠷᠥᠯ ᠵᠡᠷᠭᠡ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠢ ᠡᠩ ᠲᠡᠷᠢᠭᠦᠨ ᠳᠤ ᠦᠨ᠎ᠡ ᠬᠠᠩᠰᠢ ᠶᠢᠨ ᠲᠣᠬᠢᠷᠠᠭᠤᠯᠤᠯᠲᠠ ᠬᠢᠬᠦ ᠬᠡᠪᠴᠢᠶᠡᠨ ᠳᠤ ᠣᠷᠣᠭᠤᠯᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠵᠦ᠂ ᠣᠯᠠᠨ ᠲᠦᠮᠡᠨ ᠤ ᠡᠮᠴᠢᠯᠡᠭᠡᠨ ᠤ ᠦᠢᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠢ ᠤᠯᠠᠮ ᠨᠢᠭᠡ ᠠᠯᠬᠤᠮ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    3. ᠣᠨᠴᠠ ᠬᠡᠷᠡᠭᠴᠡᠭᠡᠨ ᠤ ᠪᠠ ᠰᠢᠨ᠎ᠡ ᠪᠠᠷ ᠨᠡᠮᠡᠭᠳᠡᠭᠰᠡᠨ ᠲᠥᠷᠥᠯ ᠵᠦᠢᠯ ᠤᠨ ᠦᠨ᠎ᠡ ᠬᠠᠩᠰᠢ ᠶᠢᠨ ᠪᠦᠷᠢᠯᠳᠦᠯ᠃ ᠣᠨᠴᠠ ᠬᠡᠷᠡᠭᠴᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠭᠠᠷᠴᠠᠭ ᠢ ᠲᠣᠭᠲᠠᠭᠠᠵᠤ᠂ ᠣᠨᠴᠠ ᠬᠡᠷᠡᠭᠴᠡᠭᠡᠨ ᠤ ᠦᠢᠯᠡᠴᠢᠯᠡᠭᠡ ᠪᠠ ᠲᠤᠷᠰᠢᠨ ᠬᠡᠷᠡᠭᠵᠢᠭᠦᠯᠬᠦ ᠬᠤᠭᠤᠴᠠᠭᠠᠨ ᠳᠤ ᠪᠠᠶᠢᠭ᠎ᠠ ᠰᠢᠨ᠎ᠡ ᠪᠠᠷ ᠨᠡᠮᠡᠭᠳᠡᠭᠰᠡᠨ ᠲᠥᠷᠥᠯ ᠵᠦᠢᠯ ᠳᠤ ᠵᠠᠬ᠎ᠠ ᠳᠡᠯᠭᠡᠭᠦᠷ ᠢᠶᠠᠷ ᠲᠣᠬᠢᠷᠠᠭᠤᠯᠤᠭᠰᠠᠨ ᠦᠨ᠎ᠡ ᠬᠠᠩᠰᠢ ᠶᠢ ᠬᠡᠷᠡᠭᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠠᠴᠠ ︽ᠲᠥᠪ ᠭᠤᠣᠯᠴᠢ᠂ ᠬᠠᠤᠯᠢ ᠶᠣᠰᠣᠨ ᠤ᠂ ᠦᠨᠡᠨᠴᠢ ᠢᠲᠡᠭᠡᠮᠵᠢᠲᠡᠢ︾ ᠪᠠᠶᠢᠬᠤ ᠵᠠᠷᠴᠢᠮ ᠪᠠ ᠵᠠᠰᠠᠭ ᠤᠨ ᠣᠷᠳᠣᠨ ᠠᠴᠠ ᠲᠣᠭᠲᠠᠭᠠᠭᠰᠠᠨ ᠦᠨ᠎ᠡ ᠬᠠᠩᠰᠢ ᠶᠢᠨ ᠳᠦᠷᠢᠮ ᠶᠣᠰᠣᠭᠠᠷ᠂ ᠥᠪᠡᠷ ᠤᠨ ᠥᠷᠲᠡᠭ ᠵᠡᠷᠭᠡ ᠬᠦᠴᠦᠨ ᠵᠦᠢᠯ ᠢ ᠦᠨᠳᠦᠰᠦᠯᠡᠨ ᠦᠨ᠎ᠡ ᠬᠠᠩᠰᠢ ᠶᠢ ᠡᠵᠡ ᠮᠡᠳᠡᠨ ᠲᠣᠭᠲᠠᠭᠠᠬᠤ ᠶᠢᠨ ᠬᠠᠮᠲᠤ ᠡᠷᠡᠭᠦᠯ ᠬᠠᠮᠠᠭᠠᠯᠠᠯ ᠡᠷᠡᠭᠦᠯ ᠮᠡᠨᠳᠦ ᠪᠠ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ ᠦᠨ᠎ᠡ ᠬᠠᠩᠰᠢ ᠶᠢ ᠡᠮᠨᠡᠯᠭᠡ ᠶᠢᠨ ᠬᠤᠷᠢᠶᠠᠨ ᠤ ᠵᠡᠷᠭᠡ ᠳᠡᠰ᠂ ᠲᠤᠰᠬᠠᠢ ᠮᠡᠷᠭᠡᠵᠢᠯ ᠤᠨ ᠣᠨᠴᠠᠯᠢᠭ ᠰᠢᠨᠵᠢ᠂ ᠴᠢᠳᠠᠮᠵᠢ ᠶᠢᠨ ᠪᠠᠶᠢᠷᠢ ᠲᠣᠭᠲᠠᠭᠠᠯᠲᠠ ᠯᠤᠭ᠎ᠠ ᠬᠠᠷᠢᠯᠴᠠᠨ ᠵᠣᠬᠢᠴᠠᠯᠳᠤᠭᠤᠯᠵᠤ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠪᠠ ᠡᠮᠴᠢᠯᠡᠭᠡᠨ ᠤ ᠮᠡᠷᠭᠡᠵᠢᠯ ᠤᠨ ᠬᠢᠷᠢ ᠬᠡᠮᠵᠢᠶ᠎ᠡ ᠯᠦᠭᠡ ᠬᠠᠷᠢᠯᠴᠠᠨ ᠲᠣᠬᠢᠷᠠᠯᠴᠠᠭᠤᠯᠬᠤ ᠶᠢᠨ ᠬᠠᠮᠲᠤ ᠵᠣᠬᠢᠬᠤ ᠴᠠᠭ ᠬᠤᠭᠤᠴᠠᠭᠠᠨ ᠳᠤ ᠬᠠᠷᠢᠴᠠᠩᠭᠤᠢ ᠲᠣᠭᠲᠠᠪᠤᠷᠢᠲᠠᠢ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷ ᠢᠶᠠᠷ ᠲᠣᠬᠢᠷᠠᠭᠤᠯᠤᠭᠰᠠᠨ ᠦᠨ᠎ᠡ ᠬᠠᠩᠰᠢ ᠶᠢ ᠬᠡᠷᠡᠭᠵᠢᠭᠦᠯᠬᠦ ᠰᠦᠢᠳᠬᠡᠯ ᠬᠤᠷᠢᠶᠠᠬᠤ ᠲᠥᠷᠥᠯ ᠵᠦᠢᠯ ᠪᠠ ᠰᠦᠢᠳᠬᠡᠯ ᠤᠨ ᠡᠵᠡᠯᠡᠬᠦ ᠬᠠᠷᠢᠴᠠᠯ ᠢ ᠨᠢ ᠴᠢᠩᠭ᠎ᠠ ᠡᠵᠡᠮᠳᠡᠵᠦ᠂ ᠪᠦᠬᠦ ᠡᠮᠴᠢᠯᠡᠭᠡᠨ ᠤ ᠦᠢᠯᠡᠴᠢᠯᠡᠭᠡᠨ ᠤ 10% ᠠᠴᠠ ᠳᠠᠪᠠᠭᠤᠯᠬᠤ ᠦᠭᠡᠢ ᠪᠠᠶᠢᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ