ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠲᠠᠪᠤ︶
ᠨᠡᠶᠢᠲᠡᠯᠡᠭᠰᠡᠨ ᠴᠠᠭ᠄
2024/12/23
      ︵ᠭᠤᠷᠪᠠ︶ ᠰᠡᠷᠭᠡᠭ ᠮᠥᠷᠲᠡᠭᠡᠨ ᠲᠣᠬᠢᠯᠢᠭ ᠦᠨ᠎ᠡ ᠬᠠᠩᠰᠢ ᠶᠢᠨ ᠬᠥᠳᠡᠯᠦᠩᠭᠦᠢ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ᠎ᠠ     1. ᠨᠡᠶᠢᠳᠡᠮ ᠬᠡᠷᠡᠭᠯᠡᠬᠦ ᠬᠡᠯᠪᠡᠷᠢ ᠶᠢᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠣᠷᠣᠯᠭ᠎ᠠ ᠪᠠ ᠦᠨ᠎ᠡ ᠬᠠᠩᠰᠢ ᠶᠢᠨ ᠵᠢᠭᠠᠯᠲᠠ ᠲᠤᠭ᠎ᠠ ᠪᠠᠷ ᠯᠠᠪᠯᠠᠯᠲᠠ ᠪᠣᠯᠭᠠᠵᠤ ᠬᠥᠳᠡᠯᠦᠩᠭᠦᠢ ᠪᠠᠷ ᠲᠣᠬᠢᠷᠠᠭᠤᠯᠤᠨ᠎ᠠ᠃ ᠨᠡᠶᠢᠳᠡᠮ ᠬᠡᠷᠡᠭᠯᠡᠬᠦ ᠬᠡᠯᠪᠡᠷᠢ ᠶᠢᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠳᠤ ᠬᠤᠲᠠ ᠪᠠᠯᠭᠠᠰᠤᠨ ᠤ ᠨᠢᠭᠡᠴᠢ ᠶᠢᠨ ᠠᠵᠢᠯ ᠣᠯᠣᠭᠰᠠᠳ ᠤᠨ ᠳᠤᠮᠳᠠᠴᠢ ᠴᠠᠯᠢᠩ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠳᠠᠭᠠᠭᠠᠬᠤ ᠴᠢᠳᠠᠪᠤᠷᠢ ᠪᠠ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ ᠵᠡᠷᠭᠡ ᠭᠦᠢᠴᠡᠳᠬᠡᠯ ᠲᠤᠭ᠎ᠠ ᠪᠠᠷ ᠯᠠᠪᠯᠠᠯᠲᠠ ᠪᠣᠯᠭᠠᠵᠤ᠂ ᠬᠤᠶᠠᠷ ᠵᠢᠯ ᠪᠦᠷᠢ ᠨᠢᠭᠡ ᠤᠳᠠᠭ᠎ᠠ ᠬᠥᠳᠡᠯᠦᠩᠭᠦᠢ ᠪᠠᠷ ᠲᠣᠬᠢᠷᠠᠭᠤᠯᠵᠤ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ︶    2. ᠪᠤᠳᠤᠯᠢᠶᠠᠨᠲᠠᠢ ᠬᠡᠯᠪᠡᠷᠢ ᠶᠢᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠶᠡᠷᠦᠩᠬᠡᠶᠢᠯᠡᠨ ᠦᠨᠡᠯᠡᠵᠦ ᠵᠢᠱᠢᠬᠦ ᠪᠠᠷ ᠳᠠᠮᠵᠢᠨ ᠲᠣᠭᠲᠠᠮᠠᠯ ᠬᠤᠭᠤᠴᠠᠭ᠎ᠠ ᠲᠠᠢ ᠲᠣᠬᠢᠷᠠᠭᠤᠯᠤᠨ᠎ᠠ᠃ ᠪᠤᠳᠤᠯᠢᠶᠠᠨᠲᠠᠢ ᠬᠡᠯᠪᠡᠷᠢ ᠶᠢᠨ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠤᠨ ᠬᠥᠳᠡᠯᠦᠩᠭᠦᠢ ᠲᠣᠬᠢᠷᠠᠭᠤᠯᠤᠯᠲᠠ ᠳᠤ ᠡᠮᠨᠡᠯᠭᠡ ᠶᠢᠨ ᠠᠵᠢᠯᠲᠠᠨ ᠤ ᠬᠤᠪᠢ ᠬᠥᠮᠥᠨ ᠤ ᠴᠢᠳᠠᠪᠤᠷᠢ᠂ ᠡᠮᠴᠢᠯᠡᠭᠡᠨ ᠤ ᠪᠠᠶᠢᠭᠤᠯᠤᠮᠵᠢ ᠶᠢᠨ ᠮᠡᠷᠭᠡᠵᠢᠯ ᠤᠨ ᠲᠤᠯᠭᠠᠭᠤᠷᠢᠯᠠᠯ᠂ ᠠᠵᠤ ᠠᠬᠤᠢ ᠨᠡᠶᠢᠭᠡᠮ ᠵᠢᠴᠢ ᠡᠷᠡᠭᠦᠯ ᠬᠠᠮᠠᠭᠠᠯᠠᠯ ᠤᠨ ᠠᠵᠢᠯ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ᠂ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ ᠤ ᠪᠠᠶᠢᠳᠠᠯ᠂ ᠡᠪᠡᠳᠴᠢᠲᠡᠨ ᠪᠠ ᠡᠮᠴᠢᠯᠡᠭᠡᠨ ᠤ ᠳᠠᠭᠠᠳᠬᠠᠯ ᠤᠨ ᠳᠠᠭᠠᠭᠠᠬᠤ ᠴᠢᠳᠠᠪᠤᠷᠢ ᠵᠡᠷᠭᠡ ᠣᠯᠠᠨ ᠬᠡᠮᠵᠢᠯᠲᠦ ᠭᠦᠢᠴᠡᠳᠬᠡᠯ ᠲᠤᠭ᠎ᠠ ᠶᠢ ᠬᠤᠷᠠᠭᠤᠯᠵᠤ᠂ ᠬᠥᠳᠡᠯᠦᠩᠭᠦᠢ ᠲᠣᠬᠢᠷᠠᠭᠤᠯᠤᠯᠲᠠ ᠬᠢᠬᠦ ᠶᠢ ᠡᠬᠢᠯᠡᠭᠦᠯᠬᠦ ᠨᠥᠬᠦᠴᠡᠯ ᠪᠠ ᠬᠢᠵᠠᠭᠠᠷᠯᠠᠬᠤ ᠨᠥᠬᠦᠴᠡᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠶᠡᠷᠦᠩᠬᠡᠶᠢᠯᠡᠨ ᠦᠨᠡᠯᠡᠵᠦ ᠵᠢᠱᠢᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠲᠣᠭᠲᠠᠭᠠᠨ᠎ᠠ᠃ ᠵᠢᠯ ᠪᠦᠷᠢ ᠳᠤ ᠨᠢᠭᠡ ᠤᠳᠠᠭ᠎ᠠ ᠬᠥᠳᠡᠯᠦᠩᠭᠦᠢ ᠪᠠᠷ ᠲᠣᠬᠢᠷᠠᠭᠤᠯᠵᠤ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠶᠡᠷᠦᠩᠬᠡᠶᠢᠯᠡᠨ ᠦᠨᠡᠯᠡᠵᠦ ᠵᠢᠱᠢᠭᠰᠡᠨ ᠶᠡᠷᠦᠩᠬᠡᠢ ᠬᠤᠪᠢ ᠨᠢ ᠬᠥᠨᠳᠡᠬᠦ ᠪᠠᠷᠢᠮᠵᠢᠶ᠎ᠠ ᠳᠤ ᠬᠦᠷᠬᠦ ᠦᠶ᠎ᠡ ᠳᠤ᠂ ᠦᠨ᠎ᠡ ᠬᠠᠩᠰᠢ ᠶᠢᠨ ᠲᠣᠬᠢᠷᠠᠭᠤᠯᠤᠯᠲᠠ ᠶᠢ ᠡᠬᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ︶    3. ᠭᠤᠣᠯᠳᠠᠯᠭ᠎ᠠ ᠪᠣᠯᠬᠤ ᠠᠵᠢᠯ ᠪᠤᠶᠤ ᠲᠤᠰᠬᠠᠢ ᠡᠭᠦᠷᠭᠡ ᠳᠤ ᠲᠤᠰᠬᠠᠢ ᠵᠦᠢᠯ ᠤᠨ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠦᠨ᠎ᠡ᠃ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ᠂ ᠭᠡᠨᠡᠳᠲᠡ ᠶᠢᠨ ᠬᠦᠨᠳᠦ ᠶᠡᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠲᠣᠪᠤᠶᠢᠮ᠎ᠠ ᠵᠥᠷᠢᠴᠡᠯ ᠢ ᠰᠢᠯᠤᠭᠤᠳᠬᠠᠬᠤ᠂ ᠭᠤᠣᠯᠳᠠᠯᠭ᠎ᠠ ᠲᠠᠢ ᠲᠤᠰᠬᠠᠢ ᠰᠠᠯᠠᠭᠠᠨ ᠤ ᠡᠮᠴᠢᠯᠡᠭᠡᠨ ᠤ ᠬᠠᠩᠭᠠᠯᠭ᠎ᠠ ᠲᠡᠩᠴᠡᠭᠦᠷᠢᠰᠢᠯ ᠢᠶᠠᠨ ᠠᠯᠳᠠᠭᠰᠠᠨ ᠪᠠᠶᠢᠳᠠᠯ ᠢ ᠨᠠᠮᠳᠠᠭᠠᠬᠤ ᠵᠡᠷᠭᠡ ᠭᠤᠣᠯᠳᠠᠯᠭ᠎ᠠ ᠪᠣᠯᠬᠤ ᠠᠵᠢᠯ ᠵᠢᠴᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠢᠭᠡᠳᠦᠯᠲᠡᠢ ᠪᠠᠶᠢᠷᠢᠯᠠᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠲᠣᠬᠢᠷᠠᠭᠤᠯᠬᠤ ᠲᠤᠰᠬᠠᠢ ᠡᠭᠦᠷᠭᠡ ᠳᠤ ᠬᠠᠮᠵᠢᠯᠴᠠᠬᠤ ᠶᠢᠨ ᠲᠥᠯᠥᠭᠡ᠂ ᠦᠨ᠎ᠡ ᠬᠠᠩᠰᠢ ᠶᠢᠨ ᠲᠣᠬᠢᠷᠠᠭᠤᠯᠤᠯᠲᠠ ᠬᠢᠬᠦ ᠴᠣᠩᠬᠤᠪᠴᠢ ᠬᠤᠭᠤᠴᠠᠭ᠎ᠠ ᠶᠢ ᠠᠮᠢᠳᠤᠯᠢᠭ ᠢᠶᠠᠷ ᠰᠣᠩᠭᠤᠵᠤ ᠦᠨ᠎ᠡ ᠬᠠᠩᠰᠢ ᠶᠢᠨ ᠲᠤᠰᠬᠠᠢ ᠵᠦᠢᠯ ᠤᠨ ᠲᠣᠬᠢᠷᠠᠭᠤᠯᠤᠯᠲᠠ ᠶᠢ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    4. ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ ᠭᠦᠨᠵᠡᠭᠡᠶᠢᠷᠡᠭᠦᠯᠬᠦ ᠶᠢ ᠨᠢ ᠳᠡᠮᠵᠢᠨ᠎ᠡ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠪᠦᠲᠦᠴᠡ ᠶᠢᠨ ᠴᠢᠨᠠᠷᠲᠠᠢ ᠲᠣᠬᠢᠷᠠᠭᠤᠯᠤᠯᠲᠠ ᠶᠢ ᠴᠢᠬᠤᠯᠠᠴᠢᠯᠠᠵᠤ᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠲᠤᠰᠬᠠᠢ ᠰᠠᠯᠠᠭᠠᠨ ᠤ ᠬᠤᠯᠪᠤᠭ᠎ᠠ᠂ ᠨᠢᠭᠲᠠ ᠭᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠪᠠ ᠭᠤᠷᠪᠠᠳᠤᠭᠠᠷ ᠳᠡᠰ ᠤᠨ ᠡᠮᠨᠡᠯᠬᠡ ᠶᠢᠨ ᠬᠤᠷᠢᠶᠠᠨ ᠤ ᠰᠢᠰᠲ᠋ᠧᠮ ᠢᠶᠠᠷ ᠨᠢ ᠲᠣᠬᠢᠷᠠᠯᠴᠠᠭᠤᠯᠤᠨ ᠬᠠᠪᠰᠣᠷᠣᠨ ᠲᠡᠳᠬᠦᠬᠦ ᠵᠡᠷᠭᠡ ᠴᠢᠨᠠᠷ ᠰᠠᠶᠢᠲᠠᠢ ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠠᠬᠢᠭᠤᠯᠤᠨ᠎ᠠ᠃ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠣᠷᠣᠭᠤᠯᠵᠤ ᠠᠪᠴᠢᠷᠠᠭᠰᠠᠨ ᠭᠠᠳᠠᠭᠰᠢ ᠭᠠᠷᠭᠠᠯᠲᠠᠲᠤ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠦᠢᠯᠡᠴᠢᠯᠡᠭᠡ ᠳᠤ ᠦᠨ᠎ᠡ ᠬᠠᠩᠰᠢ ᠶᠢᠨ ᠲᠥᠷᠥᠯ ᠵᠦᠢᠯ ᠪᠠ ᠰᠦᠢᠳᠬᠡᠯ ᠬᠤᠷᠢᠶᠠᠬᠤ ᠲᠥᠷᠥᠯ ᠵᠦᠢᠯ ᠢ ᠭᠠᠵᠠᠷ ᠣᠷᠣᠨᠵᠢᠭᠤᠯᠤᠨ ᠵᠠᠯᠭᠠᠯᠳᠤᠭᠤᠯᠬᠤ ᠠᠵᠢᠯ ᠢ ᠰᠠᠶᠢᠲᠤᠷ ᠬᠢᠨ᠎ᠡ︔ ᠣᠲᠣ ᠶᠢᠨ ᠪᠠᠶᠢᠭ᠎ᠠ ᠦᠨ᠎ᠡ ᠬᠠᠩᠰᠢ ᠶᠢᠨ ᠲᠥᠷᠥᠯ ᠵᠦᠢᠯ ᠢᠶᠠᠷ ᠵᠠᠯᠭᠠᠯᠳᠤᠭᠤᠯᠬᠤ ᠶᠢᠨ ᠠᠷᠭ᠎ᠠ ᠦᠭᠡᠢ᠂ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠬᠦ ᠴᠢᠬᠤᠯᠠᠲᠠᠢ ᠪᠠᠶᠢᠪᠠᠯ᠂ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ᠂ ᠭᠤᠶᠤᠴᠢᠯᠠᠨ ᠮᠡᠳᠡᠭᠦᠯᠬᠦ ᠴᠤᠪᠤᠷᠠᠯ ᠢ ᠳᠥᠭᠦᠮᠴᠢᠯᠡᠬᠦ ᠬᠡᠷᠡᠭᠲᠡᠢ᠃ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠳᠤ ᠣᠷᠣᠨ ᠪᠦᠰᠡ ᠶᠢᠨ ᠲᠥᠪ ᠤᠨ ᠪᠠᠶᠢᠭ᠎ᠠ ᠭᠠᠵᠠᠷ ᠤᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠪᠠ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ