ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠵᠢᠷᠭᠤᠭ᠎ᠠ︶
ᠨᠡᠶᠢᠲᠡᠯᠡᠭᠰᠡᠨ ᠴᠠᠭ᠄
2024/12/23
     ︵ᠳᠥᠷᠪᠡ︶ ᠴᠢᠩᠭ᠎ᠠ ᠨᠢᠭᠲᠠ ᠮᠥᠷᠲᠡᠭᠡᠨ ᠥᠨᠳᠥᠷ ᠦᠷ᠎ᠡ ᠪᠦᠲᠦᠮᠵᠢᠲᠡᠶ ᠦᠨ᠎ᠡ ᠬᠠᠩᠰᠢ ᠶᠢᠨ ᠬᠢᠨᠠᠨ ᠰᠢᠨᠵᠢᠵᠦ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ᠎ᠠ    1. ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠭᠦᠢᠴᠡᠳᠬᠡᠯ ᠲᠣᠭᠠᠨ ᠤ ᠬᠢᠨᠠᠨ ᠰᠢᠨᠵᠢᠯᠲᠡ ᠶᠢ ᠴᠢᠩᠭᠠᠳᠬᠠᠨ᠎ᠠ᠃ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠢᠨᠠᠨ ᠰᠢᠨᠵᠢᠬᠦ ᠲᠣᠭᠲᠠᠯᠴᠠᠭ᠎ᠠ ᠶᠢ ᠪᠠᠶᠢᠭᠤᠯᠬᠤ ᠪᠠᠷ ᠳᠠᠮᠵᠢᠭᠤᠯᠤᠨ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ ᠤ ᠪᠠᠶᠢᠳᠠᠯ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠠᠵᠢᠯᠯᠠᠭᠠᠨ ᠤ ᠪᠠᠶᠢᠳᠠᠯ᠂ ᠡᠪᠡᠳᠴᠢᠲᠡᠨ ᠤ ᠳᠠᠭᠠᠭᠠᠬᠤ ᠴᠢᠳᠠᠪᠤᠷᠢ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠨᠵᠢᠨ᠎ᠡ᠃ ᠬᠢᠨᠠᠨ ᠰᠢᠨᠵᠢᠭᠰᠡᠨ ᠦᠷ᠎ᠡ ᠳ᠋ᠦᠩ ᠢ ᠦᠨᠳᠦᠰᠦᠯᠡᠨ᠂ ᠳᠡᠭᠡᠷ᠎ᠡ ᠣᠨ ᠤ ᠦᠨ᠎ᠡ ᠬᠠᠩᠰᠢ ᠶᠢᠨ ᠲᠣᠬᠢᠷᠠᠭᠤᠯᠤᠯᠲᠠ ᠬᠢᠭᠰᠡᠨ ᠲᠥᠰᠥᠯ ᠤᠨ ᠲᠥᠰᠥᠭᠡᠯᠡᠨ ᠪᠤᠳᠤᠭᠰᠠᠨ ᠬᠡᠮᠵᠢᠭᠳᠡᠯ ᠬᠢᠭᠡᠳ ᠪᠣᠳᠠᠲᠠᠢ ᠠᠵᠢᠯᠯᠠᠭᠠᠨ ᠤ ᠨᠡᠶᠢᠴᠡᠬᠦ ᠬᠡᠮᠵᠢᠶ᠎ᠡ ᠶᠢ ᠦᠨᠡᠯᠡᠨ ᠵᠢᠱᠢᠵᠦ᠂ ᠳᠠᠷᠠᠭ᠎ᠠ ᠡᠭᠡᠯᠵᠢ ᠶᠢᠨ ᠦᠨ᠎ᠡ ᠬᠠᠩᠰᠢ ᠶᠢᠨ ᠲᠣᠬᠢᠷᠠᠭᠤᠯᠤᠯᠲᠠ ᠬᠢᠬᠦ ᠲᠥᠰᠥᠯ ᠢ ᠲᠣᠭᠲᠠᠭᠠᠬᠤ ᠳᠤ ᠦᠨᠳᠦᠰᠦᠯᠡᠯ ᠬᠠᠩᠭᠠᠨ᠎ᠠ᠃ ᠦᠨ᠎ᠡ ᠬᠠᠩᠰᠢ ᠶᠢᠨ ᠵᠥᠷᠢᠴᠡᠯ ᠲᠣᠪᠤᠶᠢᠮ᠎ᠠ᠂ ᠠᠳᠠᠯᠢᠳᠬᠠᠯ ᠦᠨ᠎ᠡ ᠶᠢᠨ ᠬᠠᠷᠢᠴᠠᠭ᠎ᠠ ᠢᠯᠡᠳᠲᠡ ᠵᠦᠢ ᠵᠣᠬᠢᠰ ᠦᠭᠡᠢ ᠲᠥᠷᠥᠯ ᠵᠦᠢᠯ ᠢ ᠤᠷᠢᠳ ᠢᠶᠠᠷ ᠦᠨ᠎ᠡ ᠬᠠᠩᠰᠢ ᠶᠢᠨ ᠲᠣᠬᠢᠷᠠᠭᠤᠯᠤᠯᠲᠠ ᠬᠢᠬᠦ ᠬᠡᠪᠴᠢᠶᠡᠨ ᠳᠤ ᠣᠷᠣᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶    2. ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠦᠨᠡᠯᠡᠨ ᠵᠢᠱᠢᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠠᠶᠢᠲᠤᠷ ᠬᠢᠨ᠎ᠡ᠃ ᠪᠥᠬᠦ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠶᠡᠷᠦᠩᠬᠡᠢ ᠬᠡᠮᠵᠢᠶᠡᠨ ᠤ ᠲᠣᠬᠢᠷᠠᠭᠤᠯᠭ᠎ᠠ ᠡᠵᠡᠮᠰᠢᠯ ᠪᠠ ᠬᠥᠳᠡᠯᠦᠩᠭᠦᠢ ᠪᠠᠷ ᠲᠣᠬᠢᠷᠠᠭᠤᠯᠤᠯᠲᠠ ᠬᠢᠭᠰᠡᠨ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠨᠡᠶᠢᠳᠡᠮ ᠬᠡᠷᠡᠭᠯᠡᠬᠦ ᠬᠡᠯᠪᠡᠷᠢ ᠶᠢᠨ ᠲᠥᠷᠥᠯ ᠵᠦᠢᠯ᠂ ᠪᠤᠳᠤᠯᠢᠶᠠᠨᠲᠠᠢ ᠬᠡᠯᠪᠡᠷᠢ ᠶᠢᠨ ᠲᠥᠷᠥᠯ ᠵᠦᠢᠯ ᠤᠨ ᠲᠥᠷᠥᠯ ᠬᠤᠪᠢᠶᠠᠨ ᠪᠦᠷᠢᠯᠳᠦᠭᠦᠯᠬᠦ ᠲᠣᠭᠲᠠᠴᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢ ᠴᠢᠩᠭ᠎ᠠ ᠮᠥᠷᠳᠡᠬᠦ ᠬᠡᠷᠡᠭᠲᠡᠢ᠃ ᠲᠤᠭ᠎ᠠ ᠪᠠᠷᠢᠮᠲᠠ ᠶᠢᠨ ᠲᠥᠷᠥᠯᠵᠢᠯ ᠢ ᠨᠢᠭᠡᠳᠬᠡᠵᠦ᠂ ᠭᠤᠣᠯᠳᠠᠯᠭ᠎ᠠ ᠲᠠᠢ ᠭᠦᠢᠴᠡᠳᠬᠡᠯ ᠲᠣᠭᠠᠨ ᠤ ᠰᠠᠭᠤᠷᠢ ᠱᠤᠭᠤᠮ ᠤᠨ ᠬᠢᠷᠢ ᠲᠦᠪᠰᠢᠨ ᠢ ᠲᠣᠭᠲᠠᠭᠠᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ᠂ ᠡᠪᠡᠳᠴᠢᠲᠡᠨ ᠤ ᠡᠭᠦᠷᠭᠡᠯᠡᠯ ᠳᠠᠷᠤᠭᠠᠰᠤ ᠪᠠ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠳᠠᠭᠠᠭᠠᠬᠤ ᠴᠢᠳᠠᠪᠤᠷᠢ ᠵᠡᠷᠭᠡ ᠳᠤ ᠦᠵᠡᠭᠦᠯᠬᠦ ᠦᠨ᠎ᠡ ᠬᠠᠩᠰᠢ ᠶᠢᠨ ᠲᠣᠬᠢᠷᠠᠭᠤᠯᠤᠯᠲᠠ ᠬᠢᠭᠰᠡᠨ ᠤ ᠨᠥᠯᠥᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠨᠢᠭᠡᠳᠦᠯᠲᠡᠢ ᠲᠥᠯᠥᠪᠯᠡᠭᠰᠡᠨ ᠣᠷᠣᠨ ᠪᠦᠰᠡ ᠶᠢᠨ ᠬᠤᠭᠤᠷᠣᠨᠳᠣᠬᠢ᠂ ᠬᠢᠴᠢᠶᠡᠯ ᠰᠢᠨᠵᠢᠯᠡᠭᠡᠨ ᠤ ᠰᠠᠯᠠᠭᠠᠨ ᠤ ᠬᠤᠭᠤᠷᠣᠨᠳᠣᠬᠢ ᠠᠳᠠᠯᠢᠳᠬᠠᠯ ᠦᠨ᠎ᠡ ᠶᠢᠨ ᠬᠠᠷᠢᠴᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠨ᠎ᠡ᠃ ᠦᠨᠡᠯᠡᠨ ᠵᠢᠱᠢᠭᠰᠡᠨ ᠦᠷ᠎ᠡ ᠪᠦᠲᠦᠭᠡᠯ ᠢ ᠰᠢᠨᠵᠢᠯᠡᠬᠦ ᠤᠬᠠᠭᠠᠨᠴᠢ ᠪᠠᠷ ᠠᠰᠢᠭᠯᠠᠨ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠲᠣᠭᠲᠠᠭᠠᠬᠤ ᠪᠠ ᠲᠣᠬᠢᠷᠠᠭᠤᠯᠤᠯᠲᠠ ᠬᠢᠬᠦ ᠯᠦᠭᠡ ᠬᠤᠯᠪᠣᠭᠳᠠᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠲᠣᠭᠲᠠᠴᠠ ᠶᠢᠨ ᠲᠣᠭᠲᠠᠭᠤᠨ ᠪᠥᠭᠡᠳ ᠥᠨᠳᠥᠷ ᠦᠷ᠎ᠡ ᠪᠦᠲᠦᠮᠵᠢᠲᠡᠶ ᠪᠠᠷ ᠠᠵᠢᠯᠯᠠᠬᠤ ᠶᠢ ᠨᠢ ᠲᠤᠯᠭᠠᠭᠤᠷᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ︶    3. ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠨ᠎ᠡ ᠬᠠᠩᠰᠢ ᠶᠢᠨ ᠬᠠᠷᠢᠭᠤᠴᠠᠯᠭ᠎ᠠ ᠶᠢ ᠰᠢᠯᠭᠠᠨ ᠬᠢᠨᠠᠬᠤ ᠳᠦᠷᠢᠮ ᠢ ᠪᠠᠶᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠢᠯᠭᠠᠨ ᠬᠢᠨᠠᠬᠤ ᠠᠷᠭ᠎ᠠ ᠶᠢ ᠲᠣᠭᠲᠠᠭᠠᠨ᠎ᠠ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠶᠢᠨ ᠦᠨ᠎ᠡ ᠬᠠᠩᠰᠢ ᠶᠢᠨ ᠬᠠᠮᠢᠶᠠᠷᠤᠯᠲᠠ ᠪᠠ ᠦᠨ᠎ᠡ ᠲᠣᠭᠲᠠᠭᠠᠯᠲᠠ ᠶᠢᠨ ᠦᠨᠡᠨ ᠪᠣᠳᠠᠲᠤ ᠴᠢᠨᠠᠷ᠂ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ᠂ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ᠂ ᠣᠷᠣᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠭᠰᠡᠨ᠂ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠤᠭᠰᠠᠨ ᠵᠡᠷᠭᠡ ᠪᠠᠶᠢᠳᠠᠯ ᠢ ᠰᠢᠯᠭᠠᠨ ᠬᠢᠨᠠᠨ᠎ᠠ᠃ ᠬᠢᠨᠠᠨ ᠪᠠᠶᠢᠴᠠᠭᠠᠭᠰᠠᠨ ᠪᠠ ᠰᠢᠯᠭᠠᠨ ᠬᠢᠨᠠᠭᠰᠠᠨ ᠦᠷ᠎ᠡ ᠳ᠋ᠦᠩ ᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠲᠣᠬᠢᠷᠠᠭᠤᠯᠬᠤ᠂ ᠡᠳ᠋ ᠤᠨ ᠵᠠᠰᠠᠭ ᠤᠨ ᠲᠤᠰᠠᠯᠠᠮᠵᠢ ᠥᠭᠬᠦ᠂ ᠢᠲᠡᠭᠡᠮᠵᠢ ᠶᠢᠨ ᠦᠨᠡᠯᠡᠯᠲᠡ ᠬᠢᠬᠦ᠂ ᠰᠠᠭᠤᠷᠢ ᠮᠥᠩᠭᠦ ᠶᠢ ᠬᠢᠨᠠᠨ ᠬᠠᠮᠢᠶᠠᠷᠬᠤ ᠵᠡᠷᠭᠡ ᠯᠦᠭᠡ ᠬᠤᠯᠪᠣᠭᠳᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ