ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠳᠤᠯᠤᠭ᠎ᠠ︶
ᠨᠡᠶᠢᠲᠡᠯᠡᠭᠰᠡᠨ ᠴᠠᠭ᠄
2024/12/23
      ︵ᠲᠠᠪᠤ︶ ᠬᠠᠷᠠᠯᠲᠠ ᠪᠠᠷ ᠤᠳᠤᠷᠢᠳᠤᠮᠵᠢ ᠪᠤᠯᠭᠠᠭᠰᠠᠨ ᠦᠨ᠎ᠡ ᠬᠠᠩᠰᠢ ᠶᠢᠨ ᠲᠦᠷᠦᠯ ᠵᠦᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ     1. ᠨᠢᠭᠡᠳᠦᠯᠲᠡᠢ ᠦᠨ᠎ᠡ ᠬᠠᠩᠰᠢ ᠶᠢᠨ ᠲᠥᠷᠥᠯ ᠵᠦᠢᠯ ᠢ ᠴᠢᠩᠭ᠎ᠠ ᠬᠡᠷᠡᠭᠵᠢᠭᠦᠯᠦᠨ᠎ᠡ᠃ ᠭᠠᠷᠭᠠᠯᠲᠠ ᠳᠤ ᠦᠢᠯᠡᠴᠢᠯᠡᠬᠦ ᠪᠠᠷ ᠤᠳᠤᠷᠢᠳᠤᠮᠵᠢ ᠪᠣᠯᠭᠠᠬᠤ ᠵᠠᠷᠴᠢᠮ ᠢ ᠪᠠᠷᠢᠮᠲᠠᠯᠠᠨ᠂ ᠤᠯᠤᠰ ᠤᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ ᠵᠦᠢᠯ ᠤᠨ ᠲᠥᠷᠥᠯ ᠵᠦᠢᠯ ᠲᠣᠭᠲᠠᠭᠠᠬᠤ ᠵᠦᠭᠯᠡᠭᠦᠷ ᠵᠢᠴᠢ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠺᠣᠳ᠋ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ ᠵᠦᠢᠯ ᠤᠨ ᠵᠢᠷᠤᠮᠵᠢᠯ ᠢ ᠲᠥᠷᠥᠯ ᠬᠤᠪᠢᠶᠠᠨ ᠡᠮᠬᠢᠯᠡᠨ ᠨᠡᠶᠢᠯᠡᠭᠦᠯᠵᠦ ᠲᠡᠭᠦᠯᠳᠡᠷᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶    2. ᠰᠢᠨ᠎ᠡ ᠪᠠᠷ ᠨᠡᠮᠡᠭᠳᠡᠭᠰᠡᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠭᠤᠶᠤᠴᠢᠯᠠᠨ ᠮᠡᠳᠡᠭᠦᠯᠦᠭᠰᠡᠨ ᠰᠢᠨ᠎ᠡ ᠪᠠᠷ ᠨᠡᠮᠡᠭᠳᠡᠭᠰᠡᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠳᠤ ᠮᠡᠷᠭᠡᠵᠢᠯ ᠤᠨ ᠵᠢᠷᠤᠮᠵᠢᠯ ᠪᠠ ᠦᠨ᠎ᠡ ᠬᠠᠩᠰᠢ ᠶᠢᠨ ᠵᠢᠷᠤᠮᠵᠢᠯ ᠤᠨ ᠵᠣᠬᠢᠴᠠᠯᠳᠤᠭᠤᠯᠤᠨ ᠬᠠᠮᠵᠢᠯᠴᠠᠬᠤ ᠶᠢ ᠴᠢᠩᠭᠠᠳᠬᠠᠵᠤ᠂ ᠭᠥᠯᠢᠶᠡᠨ ᠠᠪᠴᠤ ᠰᠢᠢᠳᠪᠦᠷᠢᠯᠡᠬᠦ ᠴᠤᠪᠤᠷᠠᠯ ᠢ ᠳᠥᠭᠦᠮᠴᠢᠯᠡᠨ᠂ ᠭᠥᠯᠢᠶᠡᠨ ᠠᠪᠴᠤ ᠰᠢᠢᠳᠪᠦᠷᠢᠯᠡᠬᠦ ᠠᠬᠢᠴᠠ ᠶᠢ ᠲᠦᠷᠭᠡᠳᠬᠡᠵᠦ᠂ ᠡᠮᠴᠢᠯᠡᠭᠡᠨ ᠤ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠪᠠ ᠡᠮᠴᠢᠯᠡᠭᠡᠨ ᠤ ᠬᠡᠷᠡᠭᠯᠡᠭᠡᠨ ᠢ ᠠᠬᠢᠭᠤᠯᠤᠨ᠎ᠠ᠃ ᠡᠩ ᠲᠡᠷᠢᠭᠦᠨ ᠳᠤ ᠣᠲᠣ ᠶᠢᠨ ᠪᠠᠶᠢᠭ᠎ᠠ ᠦᠨ᠎ᠡ ᠬᠠᠩᠰᠢ ᠪᠠᠷ ᠲᠥᠷᠥᠯ ᠵᠦᠢᠯ ᠢ ᠬᠠᠪᠰᠤᠷᠭᠠᠨ ᠪᠠᠭᠲᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠨ᠎ᠡ ᠶᠢ ᠡᠭᠦᠳᠬᠦ ᠶᠢ ᠳᠡᠮᠵᠢᠵᠦ᠂ ᠡᠮᠴᠢᠯᠡᠭᠡᠨ ᠤ ᠪᠠᠶᠢᠭᠤᠯᠤᠮᠵᠢ ᠶᠢᠨ ᠵᠦᠢ ᠵᠣᠬᠢᠰᠲᠠᠢ ᠰᠦᠢᠳᠬᠡᠯ ᠬᠤᠷᠢᠶᠠᠬᠤ ᠬᠡᠷᠡᠭᠴᠡᠭᠡ ᠱᠠᠭᠠᠷᠳᠠᠯᠭ᠎ᠠ ᠳᠤ ᠲᠦᠷᠭᠡᠨ ᠲᠤᠰᠬᠠᠯ ᠭᠠᠷᠭᠠᠨ᠎ᠠ᠃ ᠡᠬᠢ ᠪᠠᠶᠠᠯᠢᠭ ᠤᠨ ᠬᠤᠷᠣᠭᠳᠠᠯ ᠢᠶᠠᠷ ᠶᠡᠭᠡ᠂ ᠦᠨ᠎ᠡ ᠬᠠᠩᠰᠢ ᠶᠢᠨ ᠵᠢᠱᠢᠯᠲᠡ ᠪᠠᠷ ᠥᠨᠳᠥᠷ ᠰᠢᠨ᠎ᠡ ᠪᠠᠷ ᠨᠡᠮᠡᠭᠳᠡᠭᠰᠡᠨ ᠦᠨ᠎ᠡ ᠬᠠᠩᠰᠢ ᠶᠢᠨ ᠲᠥᠷᠥᠯ ᠵᠦᠢᠯ ᠳᠤ ᠰᠢᠨ᠎ᠡ ᠶᠢ ᠡᠭᠦᠳᠬᠦ ᠴᠢᠨᠠᠷᠲᠠᠢ᠂ ᠠᠵᠤ ᠠᠬᠤᠢ ᠶᠢᠨ ᠴᠢᠨᠠᠷᠲᠠᠢ ᠦᠨᠡᠯᠡᠯᠲᠡ ᠬᠢᠨ᠎ᠡ᠃ ᠬᠦᠨᠳᠦ ᠶᠡᠭᠡ ᠡᠪᠡᠳᠴᠢᠨ ᠡᠮᠭᠡᠭ ᠢ ᠣᠨᠣᠰᠢᠯᠠᠨ ᠡᠮᠨᠡᠬᠦ ᠲᠥᠰᠥᠯ ᠢ ᠰᠢᠯᠢᠳᠡᠭᠵᠢᠭᠦᠯᠬᠦ ᠪᠤᠶᠤ ᠣᠨᠣᠰᠢᠯᠠᠨ ᠡᠮᠨᠡᠬᠦ ᠲᠠᠯ᠎ᠠ ᠶᠢᠨ ᠬᠤᠭᠤᠰᠤᠨ ᠵᠠᠢ ᠶᠢ ᠨᠥᠬᠦᠪᠦᠷᠢᠯᠡᠬᠦ ᠰᠢᠨ᠎ᠡ ᠡᠭᠦᠳᠦᠯᠲᠡ ᠶᠢᠨ ᠲᠥᠷᠥᠯ ᠵᠦᠢᠯ ᠳᠤ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠨ᠎ᠡ᠃ ᠰᠢᠨ᠎ᠡ ᠪᠠᠷ ᠨᠡᠮᠡᠭᠳᠡᠭᠦᠯᠦᠭᠰᠡᠨ ᠲᠥᠷᠥᠯ ᠵᠦᠢᠯ ᠤᠨ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ᠂ ᠶᠡᠷᠦᠩᠬᠡᠶᠢᠯᠡᠭᠰᠡᠨ ᠦᠨᠡᠯᠡᠨ ᠵᠢᠱᠢᠯᠲᠡ ᠪᠠᠷ ᠳᠠᠮᠵᠢᠭᠤᠯᠤᠨ᠂ ᠨᠥᠬᠦᠴᠡᠯ ᠳᠤ ᠨᠡᠶᠢᠴᠡᠭᠰᠡᠨ ᠰᠢᠨ᠎ᠡ ᠪᠠᠷ ᠨᠡᠮᠡᠭᠳᠡᠭᠦᠯᠦᠭᠰᠡᠨ ᠲᠥᠷᠥᠯ ᠵᠦᠢᠯ ᠢ ᠴᠠᠭ ᠲᠤᠬᠠᠢ ᠳᠤ ᠨᠢ ᠨᠡᠶᠢᠳᠡᠮ ᠬᠡᠷᠡᠭᠯᠡᠬᠦ ᠬᠡᠯᠪᠡᠷᠢ ᠶᠢᠨ ᠲᠥᠷᠥᠯ ᠵᠦᠢᠯ ᠪᠤᠶᠤ ᠪᠤᠳᠤᠯᠢᠶᠠᠨᠲᠠᠢ ᠬᠡᠯᠪᠡᠷᠢ ᠶᠢᠨ ᠲᠥᠷᠥᠯ ᠵᠦᠢᠯ ᠤᠨ ᠬᠠᠮᠢᠶᠠᠷᠤᠯᠲᠠ ᠳᠤ ᠣᠷᠣᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶    3. ︽ᠮᠡᠷᠭᠡᠵᠢᠯ ᠪᠠ ᠬᠤᠷᠣᠭᠳᠠᠯ ᠢ ᠰᠠᠯᠭᠠᠬᠤ︾ ᠠᠵᠢᠯ ᠢ ᠰᠦᠪᠡᠭᠴᠢᠯᠡᠨ ᠠᠬᠢᠭᠤᠯᠤᠨ᠎ᠠ᠃ ᠲᠥᠪᠯᠡᠷᠡᠭᠦᠯᠦᠨ ᠬᠤᠳᠠᠯᠳᠤᠨ ᠠᠪᠬᠤ᠂ ᠬᠡᠯᠡᠯᠴᠡᠭᠡᠷ ᠬᠢᠵᠦ ᠦᠨ᠎ᠡ ᠵᠥᠪᠯᠡᠬᠦ ᠵᠡᠷᠭᠡ ᠠᠷᠭ᠎ᠠ ᠮᠠᠶ᠋ᠢᠭ ᠢᠶᠠᠷ ᠡᠮᠴᠢᠯᠡᠭᠡᠨ ᠳᠤ ᠬᠡᠷᠡᠭᠯᠡᠬᠦ ᠬᠡᠮᠵᠢᠶ᠎ᠡ ᠪᠠᠷ ᠶᠡᠭᠡ᠂ ᠦᠨ᠎ᠡ ᠬᠠᠩᠰᠢ ᠨᠢ ᠬᠠᠭᠤᠷᠮᠠᠭ ᠥᠨᠳᠥᠷ᠂ ᠵᠥᠷᠢᠴᠡᠯ ᠢᠶᠠᠷ ᠲᠣᠪᠤᠶᠢᠮ᠎ᠠ ᠪᠠᠶᠢᠭ᠎ᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠬᠤᠳᠠᠯᠳᠤᠨ ᠠᠪᠬᠤ ᠦᠨ᠎ᠡ ᠬᠠᠩᠰᠢ ᠶᠢ ᠪᠠᠭᠤᠷᠠᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠳᠠᠬᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠡᠵᠡᠯᠡᠬᠦ ᠬᠠᠷᠢᠴᠠᠯ ᠢ ᠤᠯᠠᠮ ᠨᠢᠭᠡ ᠠᠯᠬᠤᠮ ᠪᠠᠭᠤᠷᠠᠭᠤᠯᠤᠨ᠂ ᠬᠡᠰᠡᠭ ᠪᠠᠶᠢᠴᠠᠭᠠᠨ ᠰᠢᠯᠭᠠᠬᠤ᠂ ᠪᠠᠶᠢᠴᠠᠭᠠᠬᠤ᠂ ᠮᠡᠰᠡ ᠵᠠᠰᠠᠯ ᠬᠢᠬᠦ ᠪᠠ ᠡᠮᠨᠡᠨ ᠵᠠᠰᠠᠬᠤ ᠲᠥᠷᠥᠯ ᠵᠦᠢᠯ ᠳᠤ ︽ᠮᠡᠷᠭᠡᠵᠢᠯ ᠪᠠ ᠬᠤᠷᠣᠭᠳᠠᠯ ᠢ ᠰᠠᠯᠭᠠᠬᠤ︾ ᠠᠵᠢᠯ ᠢ ᠰᠦᠪᠡᠭᠴᠢᠯᠡᠵᠦ᠂ ᠡᠪᠡᠳᠴᠢᠲᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠨᠢ ᠬᠥᠩᠭᠡᠷᠡᠭᠦᠯᠵᠦ᠂ ᠮᠡᠷᠭᠡᠵᠢᠯ ᠤᠨ ᠬᠥᠳᠡᠯᠮᠦᠷᠢ ᠦᠢᠯᠡᠴᠢᠯᠡᠭᠡᠨ ᠤ ᠦᠨ᠎ᠡ ᠥᠷᠲᠡᠭ ᠢ ᠤᠯᠠᠮ ᠨᠢᠭᠡ ᠠᠯᠬᠤᠮ ᠢᠯᠡᠷᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ