ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠨᠠᠢᠮᠠ︶
ᠨᠡᠶᠢᠲᠡᠯᠡᠭᠰᠡᠨ ᠴᠠᠭ᠄
2024/12/23
     ᠭᠤᠷᠪᠠ᠂ ᠠᠵᠢᠯ ᠤᠨ ᠠᠷᠭ᠎ᠠ ᠬᠡᠮᠵᠢᠶ᠎ᠡ     ︵ᠨᠢᠭᠡ︶ ᠦᠨ᠎ᠡ ᠬᠠᠩᠰᠢ ᠶᠢᠨ ᠬᠠᠮᠢᠶᠠᠷᠤᠯᠲᠠ ᠶᠢ ᠲᠤᠯᠭᠠᠭᠤᠷᠢᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ    1. ᠦᠨ᠎ᠡ ᠬᠠᠩᠰᠢ ᠶᠢᠨ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠢ ᠲᠣᠳᠣᠷᠬᠠᠢ ᠲᠣᠭᠲᠠᠭᠠᠨ᠎ᠠ᠃ ᠲᠣᠬᠢᠷᠠᠭᠤᠯᠬᠤ ᠪᠠᠷ ᠪᠠᠶᠢᠭ᠎ᠠ ᠲᠥᠷᠥᠯ ᠵᠦᠢᠯ ᠢ ᠰᠢᠯᠢᠨ ᠰᠣᠩᠭᠤᠬᠤ ᠬᠡᠪᠴᠢᠶ᠎ᠡ ᠶᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠪᠣᠯᠭᠠᠵᠤ᠂ ᠦᠨ᠎ᠡ ᠬᠠᠩᠰᠢ ᠶᠢᠨ ᠰᠠᠭᠤᠷᠢ ᠪᠠᠷᠢᠮᠵᠢᠶ᠎ᠠ ᠪᠠ ᠬᠥᠪᠥᠯᠵᠡᠬᠦ ᠬᠡᠮᠵᠢᠶ᠎ᠡ ᠶᠢ ᠲᠣᠭᠲᠠᠭᠠᠨ᠂ ᠡᠯ᠎ᠡ ᠠᠶᠢᠮᠠᠭ ᠬᠤᠲᠠ ᠨᠢ ᠲᠣᠰ ᠭᠠᠵᠠᠷ ᠣᠷᠣᠨ ᠤ ᠪᠠᠨ ᠠᠵᠤ ᠠᠬᠤᠢ ᠶᠢᠨ ᠬᠥᠭᠵᠢᠯᠲᠡ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ᠂ ᠡᠮᠴᠢᠯᠡᠭᠡᠨ ᠤ ᠬᠢᠷᠢ ᠲᠦᠪᠰᠢᠨ ᠵᠡᠷᠭᠡ ᠭᠦᠢᠴᠡᠳᠬᠡᠯ ᠲᠤᠭ᠎ᠠ ᠲᠠᠢ ᠪᠠᠨ ᠤᠶᠠᠯᠳᠤᠭᠤᠯᠤᠨ ᠲᠣᠬᠢᠷᠠᠭᠤᠯᠬᠤ ᠪᠠᠷ ᠪᠠᠶᠢᠭ᠎ᠠ ᠲᠥᠷᠥᠯ ᠵᠦᠢᠯ ᠵᠢᠴᠢ ᠦᠨ᠎ᠡ ᠬᠠᠩᠰᠢ ᠪᠠᠨ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    2. ᠦᠨ᠎ᠡ ᠬᠠᠩᠰᠢ ᠶᠢ ᠲᠣᠬᠢᠷᠠᠭᠤᠯᠬᠤ ᠳᠦᠷᠢᠮ ᠳᠡᠰ ᠳᠠᠷᠠᠭᠠᠯᠠᠯ ᠢ ᠲᠡᠭᠦᠯᠳᠡᠷᠵᠢᠭᠦᠯᠦᠨ᠎ᠡ᠃ ᠵᠠᠷᠴᠢᠮ ᠳᠡᠭᠡᠷ᠎ᠡ ᠪᠠᠨ ᠠᠯᠪᠠᠨ ᠠᠴᠠ ᠪᠠᠶᠢᠭᠤᠯᠤᠭᠰᠠᠨ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠦᠨ᠎ᠡ ᠬᠠᠩᠰᠢ ᠪᠠᠷ ᠰᠠᠭᠤᠷᠢ ᠪᠠᠷᠢᠮᠵᠢᠶ᠎ᠠ ᠪᠣᠯᠭᠠᠵᠤ ᠳᠡᠰ ᠬᠤᠪᠢᠶᠠᠨ ᠦᠨ᠎ᠡ ᠲᠣᠭᠲᠠᠭᠠᠬᠤ ᠶᠢ ᠬᠡᠷᠡᠭᠵᠢᠭᠦᠯᠵᠦ᠂ ᠭᠤᠷᠪᠠᠳᠤᠭᠠᠷ ᠳᠡᠰ᠂ ᠬᠤᠶᠠᠳᠤᠭᠠᠷ ᠳᠡᠰ᠂ ᠨᠢᠭᠡᠳᠦᠭᠡᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠦᠨ᠎ᠡ ᠬᠠᠩᠰᠢ ᠶᠢᠨ ᠱᠠᠲᠤᠴᠢ ᠵᠥᠷᠢᠶ᠎ᠡ ᠶᠢ 10% ᠶᠢᠨ ᠣᠷᠴᠢᠮ ᠳᠣᠲᠣᠷ᠎ᠠ ᠬᠢᠵᠠᠭᠠᠷᠯᠠᠨ᠎ᠠ᠃ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠴᠢᠬᠤᠯᠠ ᠵᠦᠢᠯᠡᠰ ᠤᠨ ᠮᠡᠳᠡᠭᠦᠯᠦᠯᠲᠡ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠠᠶᠢᠮᠠᠭ ᠬᠤᠲᠠ ᠶᠢᠨ ᠦᠨ᠎ᠡ ᠬᠠᠩᠰᠢ ᠶᠢᠨ ᠲᠣᠬᠢᠷᠠᠭᠤᠯᠤᠯᠲᠠ ᠶᠢ ᠦᠨᠡᠯᠡᠨ ᠵᠢᠱᠢᠭᠰᠡᠨ ᠦᠷ᠎ᠡ ᠳ᠋ᠦᠩ ᠵᠢᠴᠢ ᠲᠤᠭᠤᠷᠪᠢᠨ ᠲᠣᠭᠲᠠᠭᠠᠭᠰᠠᠨ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠲᠥᠰᠥᠯ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    3. ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠬᠤᠪᠢᠶᠠᠷᠢ ᠰᠢᠰᠲ᠋ᠧᠮ ᠢ ᠪᠠᠶᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠᠨ ᠴᠢᠩᠭᠠᠳᠬᠠᠨ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠣᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠳᠡᠭᠡᠳᠦ ᠳᠣᠣᠷᠠᠳᠤ ᠱᠠᠲᠤ ᠶᠢ ᠵᠣᠯᠭᠠᠭᠤᠯᠬᠤ᠂ ᠣᠷᠣᠨ ᠪᠦᠰᠡ ᠬᠤᠯᠪᠤᠭᠠᠯᠠᠨ ᠬᠥᠳᠡᠯᠦᠯᠴᠡᠬᠦ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ