ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠠᠷᠪᠠ︶
ᠨᠡᠶᠢᠲᠡᠯᠡᠭᠰᠡᠨ ᠴᠠᠭ᠄
2024/12/23
      ︵ᠭᠤᠷᠪᠠ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ     ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠥᠭᠡᠷᠡᠴᠢᠯᠡᠯᠲᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ᠃ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠳᠤ ᠣᠷᠣᠭᠤᠯᠵᠤ᠂ ᠬᠢᠨᠠᠯᠲᠠ ᠲᠠᠯᠪᠢᠨ ᠪᠠᠶᠢᠴᠠᠭᠠᠯᠲᠠ ᠬᠢᠬᠦ ᠪᠠᠨ ᠴᠢᠩᠭᠠᠷᠠᠭᠤᠯᠬᠤ ᠬᠡᠷᠡᠭᠲᠡᠢ᠃ ᠲᠤᠰᠬᠠᠢ ᠮᠡᠷᠭᠡᠵᠢᠯᠲᠡᠨ ᠤ ᠵᠥᠪᠯᠡᠯᠭᠡ ᠥᠭᠬᠦ ᠪᠦᠯᠬᠦᠮ ᠢ ᠵᠣᠬᠢᠶᠠᠨ ᠪᠠᠶᠢᠭᠤᠯᠵᠤ᠂ ᠣᠶᠤᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ᠃ ᠤᠬᠠᠭᠤᠯᠭ᠎ᠠ ᠪᠣᠯᠪᠠᠰᠤᠷᠠᠯ ᠢ ᠰᠠᠶᠢᠲᠤᠷ ᠬᠢᠵᠦ᠂ ᠦᠨ᠎ᠡ ᠬᠠᠩᠰᠢ ᠶᠢ ᠲᠣᠬᠢᠷᠠᠭᠤᠯᠬᠤ ᠠᠴᠠ ᠡᠮᠦᠨᠡᠬᠢ ᠦᠨᠡᠯᠡᠨ ᠵᠢᠱᠢᠯᠲᠡ᠂ ᠠᠵᠢᠯ ᠶᠠᠪᠤᠳᠠᠯ ᠤᠨ ᠳᠤᠮᠳᠠᠬᠢ ᠬᠢᠨᠠᠨ ᠰᠢᠨᠵᠢᠯᠲᠡ᠂ ᠠᠵᠢᠯ ᠶᠠᠪᠤᠳᠠᠯ ᠤᠨ ᠳᠠᠷᠠᠭᠠᠬᠢ ᠰᠢᠯᠭᠠᠨ ᠬᠢᠨᠠᠯᠲᠠ ᠶᠢ ᠥᠷᠨᠢᠭᠦᠯᠵᠦ᠂ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠠᠷᠢᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ︶                               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                               ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                    2024 ᠣᠨ ᠤ 10 ᠳ᠋ᠤᠭᠠᠷ ᠰᠠᠷ᠎ᠠ ᠶᠢᠨ 31 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ