︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠲᠣᠭᠲᠠᠭᠠᠯ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠬᠤᠶᠠᠷ︶
ᠨᠡᠶᠢᠲᠡᠯᠡᠭᠰᠡᠨ ᠴᠠᠭ᠄
2024/12/23
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠲᠣᠭᠲᠠᠭᠠᠯ     ᠨᠢᠭᠡᠳᠦᠭᠡᠷ ᠪᠦᠯᠦᠭ ᠶᠡᠷᠦᠩᠬᠡᠢ ᠳᠦᠷᠢᠮ     ᠨᠢᠭᠡᠳᠦᠭᠡᠷ ᠵᠦᠢᠯ ᠭᠠᠯ ᠰᠡᠷᠭᠡᠶᠢᠯᠡᠨ ᠤᠨᠲᠠᠷᠠᠭᠠᠬᠤ ᠶᠢᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠬᠤ ᠪᠠ ᠰᠠᠶᠢᠵᠢᠷᠠᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠳᠦᠷᠢᠮ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠠᠴᠠ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠲᠣᠭᠲᠠᠭᠠᠯ ᠢ ᠲᠣᠭᠲᠠᠭᠠᠪᠠ᠃     ᠬᠤᠶᠠᠳᠤᠭᠠᠷ ᠵᠦᠢᠯ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠬᠡᠷᠡᠭᠲᠡᠢ᠃     ᠭᠤᠷᠪᠠᠳᠤᠭᠠᠷ ᠵᠦᠢᠯ ᠲᠤᠰ ᠲᠣᠭᠲᠠᠭᠠᠯ ᠳᠤ ᠬᠡᠯᠡᠵᠦ ᠪᠠᠶᠢᠭ᠎ᠠ ᠭᠠᠯ ᠲᠦᠢᠮᠡᠷ ᠤᠨ ᠠᠳᠡᠯ ᠭᠡᠳᠡᠭ ᠨᠢ ᠦᠢᠯᠡᠳᠪᠦᠷᠢᠯᠡᠯ ᠡᠵᠡᠩᠨᠡᠯᠲᠡ ᠪᠤᠶᠤ ᠡᠳᠦᠷ ᠲᠤᠲᠤᠮ ᠤᠨ ᠠᠮᠢᠳᠤᠷᠠᠯ ᠤᠨ ᠳᠤᠮᠳᠠ ᠭᠠᠷᠤᠭᠰᠠᠨ ᠭᠤᠣᠯᠳᠠᠭᠤ ᠲᠦᠯᠡᠭᠳᠡᠵᠦ ᠰᠢᠲᠠᠭᠳᠠᠬᠤ ᠬᠡᠯᠪᠡᠷᠢ ᠪᠠᠷ ᠢᠯᠡᠷᠡᠬᠦ ᠰᠠᠨᠠᠭᠠᠨ ᠳᠤ ᠦᠭᠡᠢ ᠪᠠᠶᠢᠳᠠᠯ ᠠᠴᠠ ᠪᠣᠯᠤᠭᠰᠠᠨ ᠭᠠᠮᠰᠢᠭ ᠤᠨ ᠠᠳᠡᠯ ᠢ ᠵᠢᠭᠠᠵᠤ ᠪᠤᠶ᠃     ᠳᠥᠷᠪᠡᠳᠦᠭᠡᠷ ᠵᠦᠢᠯ ᠲᠤᠰ ᠲᠣᠭᠲᠠᠭᠠᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠬᠡᠷᠡᠭᠯᠡᠭᠳᠡᠨ᠎ᠡ᠃     ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ ᠳᠦᠷᠢᠮ ᠳᠤ ᠴᠡᠷᠢᠭ ᠤᠨ ᠶᠠᠪᠤᠳᠠᠯ ᠤᠨ ᠪᠡᠯᠡᠳᠬᠡᠮᠵᠢ᠂ ᠠᠭᠤᠷᠬᠠᠢ ᠶᠢᠨ ᠬᠤᠳᠳᠤᠭ ᠤᠨ ᠭᠠᠵᠠᠷ ᠳᠣᠣᠷᠠᠬᠢ ᠬᠡᠰᠡᠭ᠂ ᠲᠡᠮᠦᠷ ᠵᠠᠮ᠂ ᠭᠠᠷᠠᠮ ᠬᠢᠭᠡᠳ ᠤᠰᠤᠨ ᠵᠠᠮ ᠤᠨ ᠲᠡᠭᠡᠭᠡᠪᠦᠷᠢ᠂ ᠠᠷᠠᠳ ᠤᠨ ᠠᠭᠠᠷ ᠠᠶᠠᠯᠠᠯ ᠤᠨ ᠪᠡᠯᠡᠳᠬᠡᠮᠵᠢ᠂ ᠣᠶ ᠰᠢᠭᠤᠢ᠂ ᠣᠶᠢᠲᠤ ᠭᠠᠵᠠᠷ᠂ ᠨᠤᠲᠤᠭ ᠪᠡᠯᠴᠢᠭᠡᠷ᠂ ᠵᠠᠮ ᠬᠠᠷᠢᠯᠴᠠᠭ᠎ᠠ ᠲᠡᠭᠡᠭᠡᠪᠦᠷᠢ᠂ ᠴᠥᠮ᠎ᠡ ᠶᠢᠨ ᠪᠡᠯᠡᠳᠬᠡᠮᠵᠢ᠂ ᠦᠢᠯᠡᠳᠪᠦᠷᠢᠯᠡᠯ ᠤᠨ ᠠᠮᠤᠷ ᠲᠦᠪᠰᠢᠨ ᠵᠡᠷᠭᠡ ᠶᠢᠨ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃     ᠭᠠᠯ ᠲᠠᠯᠪᠢᠵᠤ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠬᠡᠷᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠬᠡᠷᠡᠭ ᠪᠣᠯᠭᠠᠨ ᠲᠤᠷᠰᠢᠨ ᠪᠠᠶᠢᠴᠠᠭᠠᠨ᠎ᠠ᠃     ᠲᠠᠪᠤᠳᠤᠭᠠᠷ ᠵᠦᠢᠯ ᠲᠣᠰ ᠲᠣᠭᠲᠠᠭᠠᠯ ᠳᠠᠬᠢ ᠭᠠᠯ ᠲᠦᠢᠮᠡᠷ ᠤᠨ ᠡᠲᠡᠯ ᠤᠨ ᠵᠡᠷᠭᠡ ᠳᠡᠰ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃     ᠵᠢᠷᠭᠤᠳᠤᠭᠠᠷ ᠵᠦᠢᠯ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠴᠠᠭ ᠲᠤᠬᠠᠢ ᠳᠤ ᠨᠢ᠂ ᠪᠤᠰᠤᠳᠴᠢ᠂ ᠲᠥᠪ ᠭᠤᠣᠯᠴᠢ᠂ ᠬᠠᠤᠯᠢ ᠳᠤ ᠨᠡᠶᠢᠴᠡᠭᠰᠡᠨ ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ