︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠲᠣᠭᠲᠠᠭᠠᠯ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠭᠤᠷᠪᠠ︶
ᠨᠡᠶᠢᠲᠡᠯᠡᠭᠰᠡᠨ ᠴᠠᠭ᠄
2024/12/23
     ᠬᠤᠶᠠᠳᠤᠭᠠᠷ ᠪᠦᠯᠦᠭ ᠵᠣᠬᠢᠶᠠᠨ ᠪᠠᠶᠢᠭᠤᠯᠵᠤ ᠬᠡᠷᠡᠭᠵᠢᠭᠦᠯᠬᠦ     ᠳᠣᠯᠣᠳᠤᠭᠠᠷ ᠵᠦᠢᠯ ᠭᠠᠯ ᠲᠦᠢᠮᠡᠷ ᠤᠨ ᠠᠳᠡᠯ ᠭᠠᠷᠤᠭᠰᠠᠨ ᠤ ᠳᠠᠷᠠᠭ᠎ᠠ᠂ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠢ ᠭᠠᠯ ᠲᠦᠢᠮᠡᠷ ᠤᠨ ᠠᠳᠡᠯ ᠤᠨ ᠵᠡᠷᠭᠡ ᠳᠡᠰ ᠤᠨ ᠪᠠᠷᠢᠮᠵᠢᠶ᠎ᠠ ᠶᠢ ᠦᠨᠳᠦᠰᠦᠯᠡᠨ ᠲᠣᠰ ᠱᠠᠲᠤᠨ ᠤ ᠪᠠᠨ ᠠᠷᠠᠳ ᠤᠨ ᠵᠠᠰᠠᠭ ᠤᠨ ᠣᠷᠳᠣᠨ ︵ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠣᠮᠢᠯᠠᠭᠰᠠᠨ ᠪᠠᠶᠢᠭᠤᠯᠭ᠎ᠠ︶ ᠳᠤ ᠳᠡᠪᠰᠢᠭᠦᠯᠦᠨ ᠳᠣᠣᠷ᠎ᠠ ᠵᠢᠭᠰᠠᠭᠠᠭᠰᠠᠨ ᠡᠷᠬᠡ ᠮᠡᠳᠡᠯ ᠤᠨ ᠶᠣᠰᠣᠭᠠᠷ ᠭᠠᠯ ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ ᠳᠤᠭᠤᠶᠢᠯᠠᠩ ︵ᠳᠣᠷᠣᠭᠰᠢ ᠪᠠᠶᠢᠴᠠᠭᠠᠯᠲᠠ ᠶᠢᠨ ᠳᠤᠭᠤᠶᠢᠯᠠᠩ ᠭᠡᠵᠦ ᠲᠣᠪᠴᠢᠯᠠᠪᠠ︶ ᠢ ᠴᠠᠭ ᠲᠤᠬᠠᠢ ᠳᠤ ᠨᠢ ᠪᠠᠶᠢᠭᠤᠯᠤᠨ᠎ᠠ᠄     ︵ᠨᠢᠭᠡ︶ ᠬᠥᠮᠥᠨ ᠬᠠᠷ᠎ᠠ ᠠᠳᠡᠭᠰᠡᠨ ᠪᠤᠶᠤ ᠨᠡᠶᠢᠭᠡᠮ ᠤᠨ ᠨᠥᠯᠥᠭᠡ ᠭᠠᠷᠭᠠᠭᠰᠠᠨ ᠡᠩ ᠤᠨ ᠭᠠᠯ ᠲᠦᠢᠮᠡᠷ ᠤᠨ ᠠᠳᠡᠯ ᠳᠤ᠂ ᠭᠠᠯ ᠲᠦᠢᠮᠡᠷ ᠤᠨ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠬᠤ ᠶᠢ ᠬᠠᠷᠢᠭᠤᠴᠠᠨ᠎ᠠ︔     ︵ᠬᠤᠶᠠᠷ︶ ᠨᠡᠯᠢᠶᠡᠳ ᠶᠡᠭᠡ ᠭᠠᠯ ᠲᠦᠢᠮᠡᠷ ᠤᠨ ᠠᠳᠡᠯ ᠳᠤ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠬᠤ ᠶᠢ ᠬᠠᠷᠢᠭᠤᠴᠠᠨ᠎ᠠ︔    ︵ᠭᠤᠷᠪᠠ︶ ᠬᠦᠨᠳᠦ ᠶᠡᠭᠡ ᠭᠠᠯ ᠲᠦᠢᠮᠡᠷ ᠤᠨ ᠠᠳᠡᠯ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠬᠤ ᠶᠢ ᠬᠠᠷᠢᠭᠤᠴᠠᠨ᠎ᠠ᠃    ᠬᠥᠮᠥᠨ ᠬᠠᠷ᠎ᠠ ᠠᠳᠡᠵᠦ ᠰᠢᠷᠬᠠᠲᠤᠭᠰᠠᠨ ᠦᠭᠡᠢ ᠡᠩ ᠤᠨ ᠭᠠᠯ ᠲᠦᠢᠮᠡᠷ ᠤᠨ ᠠᠳᠡᠯ ᠳᠤ᠂ ᠭᠠᠯ ᠲᠦᠢᠮᠡᠷ ᠤᠨ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠠᠶᠢᠳᠠᠯ ᠢ ᠨᠢ ᠦᠵᠡᠵᠦ ᠪᠠᠶᠢᠭᠠᠳ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠬᠤ ᠪᠤᠶᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠪᠠᠷ ᠪᠠᠶᠢᠴᠠᠭᠠᠨ ᠰᠢᠢᠳᠪᠦᠷᠢᠯᠡᠭᠦᠯᠦᠨ᠎ᠡ᠃    ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠭᠠᠯ ᠲᠦᠢᠮᠡᠷ ᠤᠨ ᠠᠳᠡᠯ ᠳᠤ᠂ ᠬᠠᠮᠤᠭ ᠤᠨ ᠤᠷᠢᠳ ᠢᠶᠠᠷ ᠭᠠᠯ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ᠃ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠳᠤ ᠮᠠᠷᠭᠤᠭᠠᠨ ᠪᠠᠶᠢᠪᠠᠯ ᠬᠠᠮᠲᠤ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠲᠣᠭᠲᠠᠭᠠᠯᠭᠠᠨ᠎ᠠ᠃    ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠣᠮᠢᠯᠠᠭᠰᠠᠨ ᠪᠠᠶᠢᠭᠤᠯᠭ᠎ᠠ ᠨᠢ ᠠᠳᠠᠯᠢ ᠲᠠᠰ ᠤᠨ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃    ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠬᠤ ᠴᠠᠭ ᠢ ᠵᠠᠷᠴᠢᠮ ᠳᠡᠭᠡᠷ᠎ᠡ ᠪᠠᠨ ᠭᠠᠯ ᠲᠦᠢᠮᠡᠷ ᠤᠨ ᠠᠳᠡᠯ ᠭᠠᠷᠤᠭᠰᠠᠨ ᠡᠳᠦᠷ ᠠᠴᠠ ᠡᠬᠢᠯᠡᠨ 3 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃    ᠨᠠᠢᠮᠠᠳᠤᠭᠠᠷ ᠵᠦᠢᠯ ᠭᠠᠯ ᠲᠦᠢᠮᠡᠷ ᠤᠨ ᠠᠳᠡᠯ ᠭᠠᠷᠤᠭᠰᠠᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ᠂ ᠠᠳᠡᠯ ᠳᠤ ᠠᠳᠡᠵᠦ ᠰᠢᠷᠬᠠᠲᠤᠭᠰᠠᠨ ᠬᠥᠮᠥᠨ ᠤ ᠲᠣᠭᠠᠨ ᠤ ᠬᠤᠪᠢᠷᠠᠯᠲᠠ ᠠᠴᠠ ᠪᠣᠯᠵᠤ ᠠᠳᠡᠯ ᠭᠠᠷᠤᠭᠰᠠᠨ ᠵᠡᠷᠭᠡ ᠳᠡᠰ ᠬᠤᠪᠢᠷᠠᠪᠠᠯ᠂ ᠪᠠᠶᠢᠴᠠᠭᠠᠬᠤ ᠡᠷᠬᠡ ᠮᠡᠳᠡᠯ ᠢ ᠲᠤᠰ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠲᠣᠬᠢᠷᠠᠭᠤᠯᠵᠤ᠂ ᠬᠠᠷᠠᠭᠠᠯᠵᠠᠭᠰᠠᠨ ᠠᠷᠠᠳ ᠤᠨ ᠵᠠᠰᠠᠭ ᠤᠨ ᠣᠷᠳᠣᠨ ᠪᠠᠶᠢᠴᠠᠭᠠᠯᠲᠠ ᠶᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ