ᠶᠢᠰᠦᠳᠦᠭᠡᠷ ᠵᠦᠢᠯ ᠪᠠᠶᠢᠴᠠᠭᠠᠯᠲᠠ ᠶᠢᠨ ᠳᠤᠭᠤᠶᠢᠯᠠᠩ ᠢ ᠪᠦᠷᠢᠯᠳᠦᠭᠦᠯᠬᠦ ᠳᠤ ᠬᠦᠴᠦᠨ ᠴᠢᠳᠠᠪᠤᠷᠢ ᠶᠢ ᠰᠢᠯᠢᠳᠡᠭᠵᠢᠭᠦᠯᠦᠨ ᠴᠣᠮᠬᠠᠳᠬᠠᠬᠤ᠂ ᠡᠭᠦᠷᠭᠡ | ᠴᠢᠳᠠᠪᠤᠷᠢ ᠶᠢ ᠬᠠᠷᠢᠯᠴᠠᠨ ᠵᠣᠬᠢᠴᠠᠭᠤᠯᠬᠤ ᠵᠠᠷᠴᠢᠮ ᠢ ᠵᠢᠷᠤᠮᠯᠠᠬᠤ ᠬᠡᠷᠡᠭᠲᠡᠢ᠃ | ᠭᠠᠯ ᠲᠦᠢᠮᠡᠷ ᠤᠨ ᠠᠳᠡᠯ ᠤᠨ ᠪᠣᠳᠠᠲᠠᠢ ᠪᠠᠶᠢᠳᠠᠯ ᠢ ᠦᠨᠳᠦᠰᠦᠯᠡᠨ᠂ ᠪᠠᠶᠢᠴᠠᠭᠠᠯᠲᠠ ᠶᠢᠨ ᠳᠤᠭᠤᠶᠢᠯᠠᠩ ᠤᠨ ᠪᠦᠷᠢᠯᠳᠦᠭᠦᠨ ᠨᠠᠷ ᠢ ᠬᠤᠯᠪᠣᠭᠳᠠᠯ ᠪᠦᠬᠦᠢ | ᠠᠷᠠᠳ ᠤᠨ ᠵᠠᠰᠠᠭ ᠤᠨ ᠣᠷᠳᠣᠨ ︵ᠵᠠᠰᠠᠭ ᠤᠨ ᠣᠷᠳᠣᠨ ᠤ ᠲᠣᠮᠢᠯᠠᠭᠰᠠᠨ ᠪᠠᠶᠢᠭᠤᠯᠭ᠎ᠠ ᠪᠠᠭᠲᠠᠨ᠎ᠠ︶᠂ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ | ᠪᠠᠶᠢᠭᠤᠯᠤᠮᠵᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢᠭᠡᠴᠢ ᠵᠢᠴᠢ ᠠᠵᠢᠯᠴᠢᠨ ᠤ ᠡᠪᠯᠡᠯ ᠠᠴᠠ ᠠᠵᠢᠯᠲᠠᠨ ᠲᠣᠮᠢᠯᠠᠨ ᠪᠦᠷᠢᠯᠳᠦᠭᠦᠯᠵᠦ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢ ᠤᠷᠢᠵᠤ ᠠᠵᠢᠯᠲᠠᠨ ᠲᠣᠮᠢᠯᠠᠨ ᠣᠷᠣᠯᠴᠠᠭᠤᠯᠵᠤ᠂ ᠪᠠᠶᠢᠴᠠᠭᠠᠬᠤ ᠪᠠᠶᠢᠭᠤᠯᠭ᠎ᠠ ᠶᠢ ᠤᠷᠢᠵᠤ ᠠᠵᠢᠯᠲᠠᠨ | ᠲᠣᠮᠢᠯᠠᠭᠤᠯᠤᠨ ᠣᠷᠣᠯᠴᠠᠭᠤᠯᠵᠤ ᠪᠣᠯᠣᠨ᠎ᠠ᠃ ᠪᠠᠶᠢᠴᠠᠭᠠᠯᠲᠠ ᠶᠢᠨ ᠳᠤᠭᠤᠶᠢᠯᠠᠩ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠪᠠᠶᠢᠴᠠᠭᠠᠯᠲᠠ ᠬᠢᠬᠦ᠂ | ᠬᠢᠨᠠᠨ ᠲᠣᠭᠲᠠᠭᠠᠬᠤ ᠵᠡᠷᠭᠡ ᠠᠵᠢᠯ ᠳᠤ ᠣᠷᠣᠯᠴᠠᠭᠤᠯᠵᠤ ᠪᠣᠯᠣᠨ᠎ᠠ᠃ | ᠪᠠᠶᠢᠴᠠᠭᠠᠯᠲᠠ ᠶᠢᠨ ᠳᠤᠭᠤᠶᠢᠯᠠᠩ ᠬᠡᠷᠡᠭᠴᠡᠭᠡ ᠪᠠᠨ ᠦᠨᠳᠦᠰᠦᠯᠡᠨ ᠬᠠᠤᠯᠢ ᠶᠣᠰᠣᠭᠠᠷ ᠪᠠᠶᠢᠭᠤᠯᠤᠭᠰᠠᠨ ᠦᠨ᠎ᠡ ᠬᠠᠩᠰᠢ ᠶᠢ ᠭᠡᠷᠡᠴᠢᠯᠡᠬᠦ ᠪᠠᠶᠢᠭᠤᠯᠤᠮᠵᠢ ᠶᠢ | ᠨᠠᠶᠢᠳᠠᠭᠠᠳ ᠭᠠᠯ ᠲᠦᠢᠮᠡᠷ ᠲᠤ ᠰᠢᠭᠤᠳ ᠬᠤᠬᠢᠷᠠᠵᠤ ᠰᠦᠢᠳᠦᠭᠰᠡᠨ ᠡᠳ᠋ ᠬᠥᠷᠥᠩᠭᠡ ᠶᠢᠨ ᠦᠨ᠎ᠡ ᠬᠠᠩᠰᠢ ᠶᠢ ᠬᠢᠨᠠᠨ ᠲᠣᠭᠲᠠᠭᠠᠯᠭᠠᠵᠤ ᠪᠣᠯᠣᠨ᠎ᠠ᠃ | ᠠᠷᠪᠠᠳᠤᠭᠠᠷ ᠵᠦᠢᠯ ᠪᠠᠶᠢᠴᠠᠭᠠᠯᠲᠠ ᠶᠢᠨ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ ᠪᠠᠶᠢᠴᠠᠭᠠᠯᠲᠠ ᠶᠢᠨ ᠳᠤᠭᠤᠶᠢᠯᠠᠩ ᠤᠨ ᠡᠳᠦᠷ ᠳᠤᠲᠤᠮ ᠤᠨ ᠠᠵᠢᠯ ᠢ | ᠡᠷᠬᠢᠯᠡᠨ᠎ᠡ᠃ ᠪᠠᠶᠢᠴᠠᠭᠠᠯᠲᠠ ᠶᠢᠨ ᠳᠤᠭᠤᠶᠢᠯᠠᠩ ᠤᠨ ᠳᠠᠷᠤᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠵᠤ ᠪᠠᠶᠢᠭ᠎ᠠ ᠠᠷᠠᠳ ᠤᠨ | ᠵᠠᠰᠠᠭ ᠤᠨ ᠣᠷᠳᠣᠨ ᠵᠢᠭᠠᠨ ᠲᠣᠭᠲᠠᠭᠠᠵᠤ᠂ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠤ ᠬᠠᠮᠢᠶ᠎ᠠ | ᠪᠦᠬᠦᠢ ᠬᠠᠷᠢᠭᠤᠴᠠᠯᠭᠠᠲᠠᠨ ᠪᠤᠶᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ | ᠬᠠᠷᠢᠭᠤᠴᠠᠯᠭᠠᠲᠠᠨ ᠢᠶᠠᠷ ᠡᠭᠦᠷᠭᠡᠯᠡᠭᠦᠯᠵᠦ ᠪᠣᠯᠣᠨ᠎ᠠ᠃ |