ᠠᠷᠪᠠᠨ ᠨᠢᠭᠡᠳᠦᠭᠡᠷ ᠵᠦᠢᠯ ᠪᠠᠶᠢᠴᠠᠭᠠᠯᠲᠠ ᠶᠢᠨ ᠳᠤᠭᠤᠶᠢᠯᠠᠩ ᠤᠨ ᠪᠦᠷᠢᠯᠳᠦᠭᠦᠨ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ | ᠰᠠᠨᠠᠭᠠᠴᠢᠯᠠᠭ᠎ᠠ ᠠᠴᠠ ᠪᠠᠨ ᠵᠠᠶᠢᠯᠠᠬᠤ ᠬᠡᠷᠡᠭᠲᠡᠢ᠄ | ︵ᠨᠢᠭᠡ︶ ᠭᠠᠯ ᠲᠦᠢᠮᠡᠷ ᠤᠨ ᠠᠳᠡᠯ ᠤᠨ ᠲᠤᠬᠠᠢ ᠶᠢᠨ ᠬᠥᠮᠥᠨ ᠪᠤᠶᠤ ᠲᠤᠬᠠᠢ ᠶᠢᠨ ᠬᠥᠮᠥᠨ ᠤ ᠣᠶᠢᠷ᠎ᠠ ᠲᠥᠷᠥᠯ ᠰᠠᠳᠤᠨ ᠪᠣᠯᠬᠤ︔ | ︵ᠬᠤᠶᠠᠷ︶ ᠲᠤᠰ ᠬᠥᠮᠥᠨ ᠪᠤᠶᠤ ᠣᠶᠢᠷ᠎ᠠ ᠲᠥᠷᠥᠯ ᠰᠠᠳᠤᠨ ᠨᠢ ᠭᠠᠯ ᠲᠦᠢᠮᠡᠷ ᠤᠨ ᠠᠳᠡᠯ ᠯᠦᠭᠡ ᠠᠰᠢᠭ ᠬᠤᠣᠷ ᠤᠨ ᠬᠠᠷᠢᠴᠠᠭ᠎ᠠ ᠲᠠᠢ ᠪᠠᠶᠢᠬᠤ︔ | ︵ᠭᠤᠷᠪᠠ︶ ᠭᠠᠯ ᠲᠦᠢᠮᠡᠷ ᠤᠨ ᠠᠳᠡᠯ ᠤᠨ ᠲᠤᠬᠠᠢ ᠶᠢᠨ ᠬᠥᠮᠥᠨ ᠯᠦᠭᠡ ᠪᠤᠰᠤᠳ ᠬᠠᠷᠢᠴᠠᠭ᠎ᠠ ᠲᠠᠢ ᠪᠠᠶᠢᠵᠤ᠂ ᠭᠠᠯ ᠲᠦᠢᠮᠡᠷ ᠤᠨ ᠠᠳᠡᠯ ᠢ ᠪᠠᠶᠢᠴᠠᠭᠠᠨ | ᠰᠢᠢᠳᠪᠦᠷᠢᠯᠡᠬᠦ ᠠᠵᠢᠯ ᠤᠨ ᠲᠥᠪ ᠭᠤᠤᠯᠴᠢ ᠴᠢᠨᠠᠷ ᠢ ᠨᠥᠯᠥᠭᠡᠯᠡᠬᠦ ᠪᠣᠯᠣᠯᠴᠠᠭ᠎ᠠ ᠲᠠᠢ᠃ | ᠠᠷᠪᠠᠨ ᠬᠤᠶᠠᠳᠤᠭᠠᠷ ᠵᠦᠢᠯ ᠪᠠᠶᠢᠴᠠᠭᠠᠯᠲᠠ ᠶᠢᠨ ᠳᠤᠭᠤᠶᠢᠯᠠᠩ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄ | ︵ᠨᠢᠭᠡ︶ ᠪᠠᠶᠢᠴᠠᠭᠠᠯᠲᠠ ᠶᠢᠨ ᠲᠥᠰᠥᠯ ᠲᠣᠭᠲᠠᠭᠠᠬᠤ᠂ ᠡᠭᠦᠷᠭᠡ ᠠᠵᠢᠯ ᠤᠨ ᠬᠤᠪᠢᠶᠠᠷᠢᠯᠠᠯ ᠢ ᠪᠠᠶᠢᠷᠢᠯᠠᠭᠤᠯᠬᠤ᠂ ᠡᠯ᠎ᠡ ᠵᠦᠢᠯ ᠤᠨ ᠠᠵᠢᠯ ᠢ ᠵᠣᠬᠢᠶᠠᠨ | ᠪᠠᠶᠢᠭᠤᠯᠵᠤ ᠠᠬᠢᠭᠤᠯᠬᠤ︔ | ︵ᠬᠤᠶᠠᠷ︶ ᠭᠠᠯ ᠲᠦᠢᠮᠡᠷ ᠤᠨ ᠠᠳᠡᠯ ᠭᠠᠷᠤᠭᠰᠠᠨ ᠶᠠᠪᠤᠴᠠ᠂ ᠰᠢᠭᠤᠳ ᠰᠢᠯᠲᠠᠭᠠᠨ᠂ ᠳᠠᠮ ᠰᠢᠯᠲᠠᠭᠠᠨ ᠪᠠ ᠭᠠᠮᠰᠢᠭ ᠪᠣᠯᠤᠭᠰᠠᠨ ᠰᠢᠯᠲᠠᠭᠠᠨ ᠢ | ᠪᠠᠶᠢᠴᠠᠭᠠᠨ ᠲᠣᠳᠣᠯᠠᠵᠤ᠂ ᠬᠥᠮᠥᠨ ᠬᠠᠷ᠎ᠠ ᠠᠳᠡᠵᠦ ᠰᠢᠷᠬᠠᠲᠤᠭᠰᠠᠨ ᠪᠠᠶᠢᠳᠠᠯ ᠵᠢᠴᠢ ᠠᠵᠤ ᠠᠬᠤᠢ ᠶᠢᠨ ᠰᠢᠭᠤᠳ ᠬᠤᠬᠢᠷᠠᠯ ᠢ ᠪᠦᠷᠢᠳᠬᠡᠬᠦ︔ | ︵ᠭᠤᠷᠪᠠ︶ ᠭᠠᠯ ᠲᠦᠢᠮᠡᠷ ᠤᠨ ᠠᠳᠡᠯ ᠤᠨ ᠰᠢᠨᠵᠢ ᠴᠢᠨᠠᠷ ᠪᠠ ᠭᠠᠯ ᠲᠦᠢᠮᠡᠷ ᠤᠨ ᠠᠳᠡᠯ ᠤᠨ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ︔ | ︵ᠳᠥᠷᠪᠡ︶ ᠭᠠᠯ ᠲᠦᠢᠮᠡᠷ ᠤᠨ ᠠᠳᠡᠯ ᠤᠨ ᠬᠠᠷᠢᠭᠤᠴᠠᠭᠴᠢ ᠳᠤ ᠰᠢᠢᠳᠬᠡᠯ ᠥᠭᠬᠦ ᠰᠠᠨᠠᠭᠤᠯᠭ᠎ᠠ ᠳᠤᠷᠠᠳᠬᠤ︔ | ︵ᠲᠠᠪᠤ︶ ᠭᠠᠯ ᠲᠦᠢᠮᠡᠷ ᠤᠨ ᠠᠳᠡᠯ ᠤᠨ ᠰᠤᠷᠭᠠᠮᠵᠢ ᠶᠢ ᠳ᠋ᠦᠩᠨᠡᠵᠦ᠂ ᠴᠡᠭᠴᠡᠯᠡᠨ ᠰᠠᠶᠢᠵᠢᠷᠠᠭᠤᠯᠬᠤ ᠪᠠ ᠰᠡᠷᠭᠡᠶᠢᠯᠡᠬᠦ ᠠᠷᠭ᠎ᠠ ᠬᠡᠮᠵᠢᠶ᠎ᠡ ᠳᠤᠷᠠᠳᠬᠤ︔ | ︵ᠵᠢᠷᠭᠤᠭ᠎ᠠ︶ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠭᠠᠯ ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠲᠤᠰᠢᠶᠠᠬᠤ᠃ |