ᠠᠷᠪᠠᠨ ᠭᠤᠷᠪᠠᠳᠤᠭᠠᠷ ᠵᠦᠢᠯ ᠪᠠᠶᠢᠴᠠᠭᠠᠯᠲᠠ ᠶᠢᠨ ᠳᠤᠭᠤᠶᠢᠯᠠᠩ ᠨᠢ ᠪᠣᠳᠠᠲᠤ ᠪᠠᠶᠢᠳᠠᠯ ᠪᠠ ᠠᠵᠢᠯ ᠤᠨ ᠬᠡᠷᠡᠭᠴᠡᠭᠡ ᠪᠠᠨ ᠦᠨᠳᠦᠰᠦᠯᠡᠨ ᠶᠡᠷᠦᠩᠬᠡᠶᠢᠯᠡᠭᠰᠡᠨ | ᠳᠤᠭᠤᠶᠢᠯᠠᠩ᠂ ᠮᠡᠷᠭᠡᠵᠢᠯ ᠤᠨ ᠳᠤᠭᠤᠶᠢᠯᠠᠩ᠂ ᠬᠠᠮᠢᠶᠠᠷᠤᠯᠲᠠ ᠶᠢᠨ ᠳᠤᠭᠤᠶᠢᠯᠠᠩ᠂ ᠠᠪᠤᠷᠠᠨ ᠲᠤᠰᠠᠯᠠᠵᠤ ᠦᠨᠡᠯᠡᠨ ᠵᠢᠱᠢᠬᠦ ᠳᠤᠭᠤᠶᠢᠯᠠᠩ ᠵᠡᠷᠭᠡ ᠠᠵᠢᠯ ᠤᠨ | ᠳᠤᠭᠤᠶᠢᠯᠠᠩ ᠲᠣᠬᠢᠷᠠᠭᠤᠯᠵᠤ᠂ ᠮᠡᠷᠭᠡᠵᠢᠯ ᠤᠨ ᠳᠤᠭᠤᠶᠢᠯᠠᠩ ᠨᠢ ᠪᠠᠶᠢᠴᠠᠭᠠᠯᠲᠠ ᠶᠢᠨ ᠪᠣᠳᠠᠲᠤ ᠬᠡᠷᠡᠭᠴᠡᠭᠡ ᠪᠠᠨ ᠦᠨᠳᠦᠰᠦᠯᠡᠨ ᠳᠣᠷᠣᠭᠰᠢ ᠪᠠᠨ ᠲᠤᠰᠬᠠᠢ | ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ ᠮᠡᠷᠭᠡᠵᠢᠯ ᠤᠨ ᠳᠡᠮᠵᠢᠯᠭᠡ ᠬᠠᠩᠭᠠᠯᠭᠠᠵᠤ ᠪᠣᠯᠣᠨ᠎ᠠ᠃ | ᠶᠡᠷᠦᠩᠬᠡᠶᠢᠯᠡᠭᠰᠡᠨ ᠳᠤᠭᠤᠶᠢᠯᠠᠩ᠄ ᠭᠤᠣᠯᠳᠠᠭᠤ ᠪᠠᠶᠢᠴᠠᠭᠠᠬᠤ ᠠᠵᠢᠯ ᠤᠨ ᠶᠡᠷᠦᠩᠬᠡᠶᠢᠯᠡᠨ ᠵᠣᠬᠢᠴᠠᠭᠤᠯᠬᠤ᠂ ᠵᠣᠬᠢᠶᠠᠨ ᠪᠠᠶᠢᠭᠤᠯᠵᠤ ᠲᠣᠬᠢᠷᠠᠭᠤᠯᠬᠤ ᠪᠠ ᠠᠷᠤ | ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠬᠠᠷᠢᠭᠤᠴᠠᠨ᠎ᠠ︔ ᠪᠠᠶᠢᠴᠠᠭᠠᠯᠲᠠ ᠶᠢᠨ ᠳᠤᠭᠤᠶᠢᠯᠠᠩ ᠤᠨ ᠬᠤᠷᠠᠯ ᠢ ᠨᠢᠭᠡᠳᠦᠯᠲᠡᠢ ᠲᠥᠯᠥᠪᠯᠡᠨ ᠬᠤᠷᠠᠯᠳᠤᠭᠤᠯᠵᠤ᠂ | ᠡᠯ᠎ᠡ ᠠᠵᠢᠯ ᠤᠨ ᠳᠤᠭᠤᠶᠢᠯᠠᠩ ᠤᠨ ᠠᠵᠢᠯ ᠤᠨ ᠠᠬᠢᠴᠠ ᠶᠢᠨ ᠪᠠᠶᠢᠳᠠᠯ ᠢ ᠡᠵᠡᠮᠰᠢᠨ᠎ᠡ︔ ᠪᠠᠶᠢᠴᠠᠭᠠᠨ ᠰᠢᠢᠳᠪᠦᠷᠢᠯᠡᠬᠦ ᠬᠠᠮᠢᠶ᠎ᠠ ᠪᠦᠬᠦᠢ ᠮᠡᠳᠡᠭᠡ ᠵᠠᠩᠭᠢ ᠶᠢ | ᠴᠤᠭᠯᠠᠭᠤᠯᠬᠤ᠂ ᠬᠤᠷᠢᠶᠠᠩᠭᠤᠶᠢᠯᠠᠬᠤ᠂ ᠮᠡᠳᠡᠭᠦᠯᠦᠨ ᠬᠦᠷᠭᠡᠬᠦ᠂ ᠰᠢᠢᠳᠪᠦᠷᠢᠯᠡᠬᠦ ᠪᠠ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠢ ᠡᠭᠦᠷᠭᠡᠯᠡᠨ᠎ᠡ︔ ᠡᠯ᠎ᠡ | ᠠᠵᠢᠯ ᠤᠨ ᠳᠤᠭᠤᠶᠢᠯᠠᠩ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠦᠨᠳᠦᠰᠦᠯᠡᠨ ᠭᠠᠯ ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ | ᠲᠤᠭᠤᠷᠪᠢᠬᠤ ᠶᠢᠨ ᠬᠠᠮᠲᠤ ᠪᠠᠶᠢᠴᠠᠭᠠᠯᠲᠠ ᠶᠢᠨ ᠳᠤᠭᠤᠶᠢᠯᠠᠩ ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃ | ᠮᠡᠷᠭᠡᠵᠢᠯ ᠤᠨ ᠳᠤᠭᠤᠶᠢᠯᠠᠩ᠄ ᠭᠤᠣᠯᠳᠠᠭᠤ ᠭᠠᠯ ᠲᠦᠢᠮᠡᠷ ᠤᠨ ᠬᠠᠮᠢᠶ᠎ᠠ ᠪᠦᠬᠦᠢ ᠪᠣᠳᠠᠲᠤ ᠬᠡᠷᠡᠭ ᠢ ᠪᠠᠶᠢᠴᠠᠭᠠᠨ ᠲᠣᠳᠣᠯᠠᠵᠤ᠂ ᠬᠥᠮᠥᠨ ᠬᠠᠷ᠎ᠠ ᠦᠬᠦᠵᠦ | ᠰᠢᠷᠬᠠᠲᠤᠭᠰᠠᠨ ᠪᠠᠶᠢᠳᠠᠯ ᠵᠢᠴᠢ ᠭᠠᠯ ᠲᠦᠢᠮᠡᠷ ᠠᠴᠠ ᠪᠣᠯᠤᠭᠰᠠᠨ ᠠᠵᠤ ᠠᠬᠤᠢ ᠶᠢᠨ ᠰᠢᠭᠤᠳ ᠬᠤᠬᠢᠷᠠᠯ ᠢ ᠪᠦᠷᠢᠳᠬᠡᠬᠦ ᠶᠢ ᠬᠠᠷᠢᠭᠤᠴᠠᠨ᠎ᠠ︔ ᠭᠠᠯ ᠲᠦᠢᠮᠡᠷ | ᠭᠠᠷᠤᠭᠰᠠᠨ ᠰᠢᠭᠤᠳ ᠰᠢᠯᠲᠠᠭᠠᠨ ᠪᠠ ᠮᠡᠷᠭᠡᠵᠢᠯ ᠤᠨ ᠲᠠᠯ᠎ᠠ ᠶᠢᠨ ᠳᠠᠮ ᠰᠢᠯᠲᠠᠭᠠᠨ ᠢ ᠪᠠᠶᠢᠴᠠᠭᠠᠨ ᠲᠣᠳᠣᠯᠠᠨ᠎ᠠ︔ ᠭᠠᠯ ᠲᠦᠢᠮᠡᠷ ᠤᠨ ᠠᠳᠡᠯ ᠤᠨ ᠰᠢᠨᠵᠢ ᠴᠢᠨᠠᠷ ᠢ | ᠮᠠᠭᠠᠳᠯᠠᠨ ᠲᠣᠭᠲᠠᠭᠠᠬᠤ ᠲᠤᠬᠠᠢ ᠠᠩᠬ᠎ᠠ ᠠᠯᠬᠤᠮ ᠤᠨ ᠰᠠᠨᠠᠯ ᠪᠠ ᠠᠳᠡᠯ ᠢ ᠰᠡᠷᠭᠡᠶᠢᠯᠡᠬᠦ ᠮᠡᠷᠭᠡᠵᠢᠯ ᠤᠨ ᠴᠢᠨᠠᠷᠲᠠᠢ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ | ᠳᠤᠷᠠᠳᠤᠨ᠎ᠠ︔ ᠮᠡᠷᠭᠡᠵᠢᠯ ᠤᠨ ᠳᠤᠭᠤᠶᠢᠯᠠᠩ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠲᠤᠭᠤᠷᠪᠢᠬᠤ ᠶᠢᠨ ᠬᠠᠮᠲᠤ ᠪᠠᠶᠢᠴᠠᠭᠠᠯᠲᠠ ᠶᠢᠨ ᠳᠤᠭᠤᠶᠢᠯᠠᠩ ᠳᠤ | ᠲᠤᠰᠢᠶᠠᠵᠤ ᠬᠢᠨᠠᠨ ᠪᠠᠶᠢᠴᠠᠭᠠᠯᠭᠠᠨ᠎ᠠ᠃ | ᠬᠠᠮᠢᠶᠠᠷᠤᠯᠲᠠ ᠶᠢᠨ ᠳᠤᠭᠤᠶᠢᠯᠠᠩ᠄ ᠭᠤᠣᠯᠳᠠᠭᠤ ᠭᠠᠯ ᠲᠦᠢᠮᠡᠷ ᠤᠨ ᠠᠳᠡᠯ ᠤᠨ ᠬᠠᠮᠢᠶᠠᠷᠤᠯᠲᠠ ᠶᠢᠨ ᠲᠠᠯ᠎ᠠ ᠶᠢᠨ ᠠᠰᠠᠭᠤᠳᠠᠯ ᠢ ᠪᠠᠶᠢᠴᠠᠭᠠᠬᠤ ᠶᠢ | ᠬᠠᠷᠢᠭᠤᠴᠠᠵᠤ᠂ ᠭᠠᠯ ᠲᠦᠢᠮᠡᠷ ᠭᠠᠷᠤᠭᠰᠠᠨ᠂ ᠦᠷᠪᠢᠰᠦᠨ ᠥᠷᠭᠡᠵᠢᠭᠰᠡᠨ ᠳᠤ ᠬᠠᠷᠢᠭᠤᠴᠠᠯᠭ᠎ᠠ ᠲᠠᠢ ᠬᠤᠯᠪᠣᠭᠳᠠᠯ ᠪᠦᠬᠦᠢ ᠨᠢᠭᠡᠴᠢ ᠪᠠ ᠠᠵᠢᠯᠲᠠᠨ ᠤ ᠭᠤᠣᠯ | ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠪᠠᠶᠢᠴᠠᠭᠠᠨ ᠵᠠᠳᠠᠯᠵᠤ᠂ ᠭᠠᠯ ᠲᠦᠢᠮᠡᠷ ᠤᠨ ᠬᠠᠮᠢᠶ᠎ᠠ | ᠪᠦᠬᠦᠢ ᠨᠢᠭᠡᠴᠢ ᠵᠢᠴᠢ ᠲᠡᠭᠦᠨ ᠤ ᠠᠵᠢᠯᠲᠠᠨ ᠤ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠵᠤ᠂ ᠬᠠᠷᠢᠭᠤᠴᠠᠭᠴᠢ ᠳᠤ ᠰᠢᠢᠳᠬᠡᠯ ᠥᠭᠬᠦ ᠰᠠᠨᠠᠭᠤᠯᠭ᠎ᠠ ᠳᠤᠷᠠᠳᠤᠨ᠎ᠠ︔ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠰᠡᠷᠭᠡᠶᠢᠯᠡᠬᠦ ᠰᠠᠨᠠᠭᠤᠯᠭ᠎ᠠ ᠳᠤᠷᠠᠳᠤᠨ᠎ᠠ︔ ᠬᠠᠮᠢᠶᠠᠷᠤᠯᠲᠠ ᠶᠢᠨ ᠳᠤᠭᠤᠶᠢᠯᠠᠩ ᠤᠨ ᠪᠠᠶᠢᠴᠠᠭᠠᠯᠲᠠ ᠶᠢᠨ | ᠮᠡᠳᠡᠭᠦᠯᠦᠯᠲᠡ ᠶᠢ ᠲᠤᠭᠤᠷᠪᠢᠬᠤ ᠶᠢᠨ ᠬᠠᠮᠲᠤ ᠪᠠᠶᠢᠴᠠᠭᠠᠯᠲᠠ ᠶᠢᠨ ᠳᠤᠭᠤᠶᠢᠯᠠᠩ ᠳᠤ ᠲᠤᠰᠢᠶᠠᠵᠤ ᠬᠢᠨᠠᠨ ᠪᠠᠶᠢᠴᠠᠭᠠᠯᠭᠠᠨ᠎ᠠ᠃ | ᠠᠪᠤᠷᠠᠨ ᠲᠤᠰᠠᠯᠠᠯᠲᠠ ᠶᠢ ᠦᠨᠡᠯᠡᠨ ᠵᠢᠱᠢᠬᠦ ᠳᠤᠭᠤᠶᠢᠯᠠᠩ᠄ ᠭᠤᠣᠯᠳᠠᠭᠤ ᠠᠳᠡᠯ ᠤᠨ ᠠᠪᠤᠷᠠᠨ ᠲᠤᠰᠠᠯᠠᠬᠤ ᠠᠵᠢᠯ ᠢ ᠦᠨᠡᠯᠡᠨ ᠵᠢᠱᠢᠬᠦ ᠶᠢ ᠬᠠᠷᠢᠭᠤᠴᠠᠵᠤ᠂ | ᠭᠠᠯ ᠲᠦᠢᠮᠡᠷ ᠤᠨ ᠠᠳᠡᠯ ᠭᠠᠷᠤᠭᠰᠠᠨ ᠨᠢᠭᠡᠴᠢ ︵ᠲᠠᠯᠠᠪᠤᠷ ᠭᠠᠵᠠᠷ︶᠂ ᠬᠠᠷᠢᠶ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠵᠢᠴᠢ ᠰᠢᠢᠳᠪᠦᠷᠢᠯᠡᠬᠦ ᠪᠠ ᠠᠪᠤᠷᠠᠨ | ᠲᠤᠰᠠᠯᠠᠬᠤ ᠳᠤ ᠣᠷᠣᠯᠴᠠᠭᠰᠠᠨ ᠰᠠᠯᠠᠭ᠎ᠠ ᠮᠥᠴᠢᠷ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ᠂ ᠭᠠᠯ ᠲᠦᠢᠮᠡᠷ ᠤᠨ ᠠᠳᠡᠯ ᠭᠠᠷᠬᠤ ᠠᠴᠠ ᠡᠮᠦᠨ᠎ᠡ | ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠳᠠᠭᠠᠵᠤ ᠭᠦᠢᠴᠡᠳᠬᠡᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠭᠠᠬᠤ | ᠪᠠᠲᠤᠯᠠᠭ᠎ᠠ ᠵᠢᠴᠢ ᠠᠪᠤᠷᠠᠨ ᠲᠤᠰᠠᠯᠠᠬᠤ ᠪᠤᠰᠤᠳ ᠠᠵᠢᠯ ᠤᠨ ᠲᠣᠭᠤᠷᠢᠨ ᠳᠤ ᠦᠨᠡᠯᠡᠨ ᠵᠢᠱᠢᠬᠦ ᠰᠠᠨᠠᠯ ᠳᠤᠷᠠᠳᠤᠨ᠎ᠠ︔ ᠠᠪᠤᠷᠠᠨ ᠲᠤᠰᠠᠯᠠᠯᠲᠠ ᠶᠢ ᠦᠨᠡᠯᠡᠨ | ᠵᠢᠱᠢᠭᠰᠡᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠲᠤᠭᠤᠷᠪᠢᠬᠤ ᠶᠢᠨ ᠬᠠᠮᠲᠤ ᠪᠠᠶᠢᠴᠠᠭᠠᠯᠲᠠ ᠶᠢᠨ ᠳᠤᠭᠤᠶᠢᠯᠠᠩ ᠳᠤ ᠲᠤᠰᠢᠶᠠᠵᠤ ᠬᠢᠨᠠᠨ ᠪᠠᠶᠢᠴᠠᠭᠠᠯᠭᠠᠨ᠎ᠠ᠃ |