︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠲᠣᠭᠲᠠᠭᠠᠯ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠳᠤᠯᠤᠭ᠎ᠠ︶
ᠨᠡᠶᠢᠲᠡᠯᠡᠭᠰᠡᠨ ᠴᠠᠭ᠄
2024/12/23
     ᠠᠷᠪᠠᠨ ᠳᠥᠷᠪᠡᠳᠦᠭᠡᠷ ᠵᠦᠢᠯ ᠪᠠᠶᠢᠴᠠᠭᠠᠯᠲᠠ ᠶᠢᠨ ᠳᠤᠭᠤᠶᠢᠯᠠᠩ ᠨᠢ ᠪᠠᠶᠢᠴᠠᠭᠠᠬᠤ ᠬᠤᠭᠤᠴᠠᠭᠠᠨ ᠳᠤ ᠪᠠᠨ ᠢᠯᠡᠴᠢᠯᠡᠨ ᠮᠡᠳᠡᠭᠦᠯᠬᠦ ᠤᠲᠠᠰᠤ᠂ ᠵᠠᠬᠢᠳᠠᠯ ᠤᠨ ᠬᠠᠶᠢᠷᠴᠠᠭ ᠪᠤᠶᠤ ᠡᠯᠧᠺᠲᠷᠣᠨ ᠰᠢᠤᠳᠠᠨ ᠤ ᠬᠠᠶ᠋ᠢᠭ ᠢᠶᠠᠨ ᠢᠯᠡ ᠪᠣᠯᠭᠠᠵᠤ᠂ ᠪᠠᠶᠢᠴᠠᠭᠠᠯᠲᠠ ᠶᠢᠨ ᠡᠭᠦᠷᠭᠡ ᠯᠦᠭᠡ ᠬᠤᠯᠪᠣᠭᠳᠠᠬᠤ ᠭᠠᠯ ᠲᠦᠢᠮᠡᠷ ᠤᠨ ᠠᠳᠡᠯ ᠤᠨ ᠬᠠᠷᠢᠭᠤᠴᠠᠯᠭ᠎ᠠ ᠶᠢᠨ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠨ᠂ ᠬᠠᠷᠢᠶ᠎ᠠ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ ᠪᠠᠶᠢᠭᠠᠳ ᠬᠠᠷᠭᠤᠭᠤᠯᠤᠨ ᠪᠠᠶᠢᠴᠠᠭᠠᠯᠭᠠᠵᠤ᠂ ᠬᠠᠤᠯᠢ ᠶᠣᠰᠣᠭᠠᠷ ᠰᠢᠢᠳᠪᠦᠷᠢᠯᠡᠭᠦᠯᠬᠦ ᠶᠢᠨ ᠬᠠᠮᠲᠤ ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠢ᠃     ᠭᠤᠷᠪᠠᠳᠤᠭᠠᠷ ᠪᠦᠯᠦᠭ ᠠᠳᠡᠯ ᠤᠨ ᠪᠠᠶᠢᠴᠠᠭᠠᠯᠲᠠ     ᠠᠷᠪᠠᠨ ᠲᠠᠪᠤᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠶᠢ ᠬᠠᠷᠰᠢᠯᠠᠵᠤ᠂ ᠬᠤᠷᠢᠭᠯᠠᠬᠤ ᠪᠠ ᠡᠨᠡ ᠬᠦ ᠠᠵᠢᠯ ᠳᠤ ᠭᠠᠷ ᠲᠥᠷᠥᠵᠦ ᠪᠣᠯᠬᠤ ᠦᠭᠡᠢ᠃ ᠬᠤᠯᠪᠣᠭᠳᠠᠯ ᠪᠦᠬᠦᠢ ᠨᠢᠭᠡᠴᠢ ᠪᠠ ᠠᠵᠢᠯᠲᠠᠨ ᠠᠳᠡᠯ ᠤᠨ ᠲᠤᠬᠠᠢ ᠶᠢᠨ ᠲᠠᠯᠠᠪᠠᠶ ᠵᠢᠴᠢ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠲᠣᠬᠢᠲᠠᠢ ᠬᠠᠮᠠᠭᠠᠯᠠᠬᠤ ᠬᠡᠷᠡᠭᠲᠡᠢ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠭᠠᠯ ᠲᠦᠢᠮᠡᠷ ᠤᠨ ᠠᠳᠡᠯ ᠤᠨ ᠲᠤᠬᠠᠢ ᠶᠢᠨ ᠲᠠᠯᠠᠪᠠᠶ ᠶᠢ ᠡᠪᠳᠡᠬᠦ ᠵᠢᠴᠢ ᠬᠠᠮᠢᠶ᠎ᠠ ᠪᠦᠬᠦᠢ ᠭᠡᠷᠡᠴᠢ ᠪᠠᠷᠢᠮᠲᠠ ᠶᠢ ᠰᠦᠢᠳᠬᠡᠵᠦ᠂ ᠬᠠᠭᠤᠷᠮᠠᠭᠯᠠᠨ ᠵᠣᠬᠢᠶᠠᠵᠤ ᠪᠣᠯᠬᠤ ᠦᠭᠡᠢ᠃     ᠭᠠᠯ ᠲᠦᠢᠮᠡᠷ ᠤᠨ ᠠᠳᠡᠯ ᠭᠠᠷᠤᠭᠰᠠᠨ ᠨᠢᠭᠡᠴᠢ ︵ᠲᠠᠯᠠᠪᠤᠷ ᠭᠠᠵᠠᠷ︶ ᠶᠢᠨ ᠬᠠᠷᠢᠭᠤᠴᠠᠯᠭᠠᠲᠠᠨ ᠪᠠ ᠬᠤᠯᠪᠣᠭᠳᠠᠯ ᠪᠦᠬᠦᠢ ᠠᠵᠢᠯᠲᠠᠨ ᠨᠢ ᠭᠠᠯ ᠲᠦᠢᠮᠡᠷ ᠤᠨ ᠠᠳᠡᠯ ᠳᠤ ᠪᠠᠶᠢᠴᠠᠭᠠᠯᠲᠠ ᠬᠢᠵᠦ ᠪᠠᠶᠢᠭ᠎ᠠ ᠬᠤᠭᠤᠴᠠᠭᠠᠨ ᠳᠤ ᠠᠵᠢᠯ ᠲᠤᠰᠢᠶᠠᠯ ᠤᠨ ᠪᠠᠶᠢᠷᠢ ᠠᠴᠠ ᠪᠠᠨ ᠳᠤᠷ᠎ᠠ ᠪᠠᠷ ᠰᠠᠯᠵᠤ ᠪᠣᠯᠬᠤ ᠦᠭᠡᠢ᠂ ᠪᠠᠶᠢᠴᠠᠭᠠᠯᠲᠠ ᠶᠢᠨ ᠳᠤᠭᠤᠶᠢᠯᠠᠩ ᠤᠨ ᠪᠠᠶᠢᠴᠠᠭᠠᠯᠲᠠ ᠶᠢ ᠢᠳᠡᠪᠬᠢᠲᠡᠢ ᠪᠠᠷ ᠬᠠᠮᠵᠢᠬᠤ ᠶᠢᠨ ᠬᠠᠮᠲᠤ᠂ ᠬᠤᠯᠪᠣᠭᠳᠠᠯ ᠪᠦᠬᠦᠢ ᠪᠠᠶᠢᠳᠠᠯ ᠢ ᠦᠨᠡᠨ ᠪᠣᠳᠠᠲᠠᠢ ᠪᠠᠷ ᠬᠠᠩᠭᠠᠬᠤ ᠬᠡᠷᠡᠭᠲᠡᠢ᠃     ᠠᠷᠪᠠᠨ ᠵᠢᠷᠭᠤᠳᠤᠭᠠᠷ ᠵᠦᠢᠯ ᠪᠠᠶᠢᠴᠠᠭᠠᠯᠲᠠ ᠶᠢᠨ ᠳᠤᠭᠤᠶᠢᠯᠠᠩ ᠨᠢ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠥᠨ ᠠᠴᠠ ᠭᠠᠯ ᠲᠦᠢᠮᠡᠷ ᠤᠨ ᠠᠳᠡᠯ ᠯᠦᠭᠡ ᠬᠤᠯᠪᠣᠭᠳᠠᠭᠰᠠᠨ ᠪᠠᠶᠢᠳᠠᠯ ᠢ ᠪᠦᠬᠦ ᠲᠠᠯ᠎ᠠ ᠪᠠᠷ᠂ ᠦᠨᠡᠨ ᠪᠣᠳᠠᠲᠠᠢ ᠪᠠᠷ ᠣᠶᠢᠯᠠᠭᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠠᠭᠤᠴᠢ ᠦᠢᠯᠡᠴᠢᠯᠡᠭᠡ᠂ ᠦᠢᠯᠡᠳᠬᠦᠨ ᠤ ᠶᠠᠰᠤ ᠴᠢᠨᠠᠷ᠂ ᠬᠡᠷᠡᠭᠯᠡᠯᠲᠡ ᠶᠢᠨ ᠬᠠᠮᠢᠶᠠᠷᠤᠯᠲᠠ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠬᠠᠷᠢᠶ᠎ᠠ ᠭᠠᠵᠠᠷ ᠤᠨ ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠭᠦᠢᠴᠡᠳᠬᠡᠬᠦ ᠵᠡᠷᠭᠡ ᠪᠠᠶᠢᠳᠠᠯ ᠢ ᠤᠷᠲᠤᠳᠬᠠᠨ ᠪᠠᠶᠢᠴᠠᠭᠠᠬᠤ ᠶᠢᠨ ᠬᠠᠮᠲᠤ ᠲᠡᠭᠦᠨ ᠢ ᠪᠢᠴᠢᠭ ᠮᠠᠲ᠋ᠧᠷᠢᠶᠠᠯ᠂ ᠡᠯᠧᠺᠳ᠋ᠷᠣᠨ ᠳ᠋ᠠᠶᠢᠲ᠋ᠠ ᠵᠡᠷᠭᠡ ᠬᠠᠮᠢᠶ᠎ᠠ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠪᠠᠯ᠂ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠥᠨ ᠲᠡᠪᠴᠢᠵᠦ ᠪᠣᠯᠬᠤ ᠦᠭᠡᠢ᠃     ᠬᠠᠤᠯᠢ ᠲᠣᠭᠲᠠᠭᠠᠯ ᠢ ᠵᠥᠷᠢᠴᠡᠭᠰᠡᠨ ᠪᠤᠶᠤ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠠᠴᠠ ᠪᠣᠯᠵᠤ᠂ ᠭᠠᠯ ᠲᠦᠢᠮᠡᠷ ᠤᠨ ᠠᠳᠡᠯ ᠭᠠᠷᠭᠠᠭᠰᠠᠨ ᠶᠠᠪᠤᠳᠠᠯ ᠳᠤ ᠬᠠᠷᠢᠭᠤᠴᠠᠯᠭ᠎ᠠ ᠲᠠᠢ ᠬᠤᠯᠪᠣᠭᠳᠠᠯ ᠪᠦᠬᠦᠢ ᠨᠢᠭᠡᠴᠢ ᠪᠠ ᠠᠵᠢᠯᠲᠠᠨ ᠳᠤ ᠪᠠᠶᠢᠴᠠᠭᠠᠯᠲᠠ ᠶᠢᠨ ᠳᠤᠭᠤᠶᠢᠯᠠᠩ ᠰᠢᠢᠳᠬᠡᠯ ᠥᠭᠬᠦ ᠰᠠᠨᠠᠯ ᠪᠠ ᠰᠠᠨᠠᠭᠤᠯᠭ᠎ᠠ ᠳᠤᠷᠠᠳᠬᠤ ᠬᠡᠷᠡᠭᠲᠡᠢ᠃     ᠠᠷᠪᠠᠨ ᠳᠣᠯᠣᠳᠤᠭᠠᠷ ᠵᠦᠢᠯ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯᠲᠠᠨ ᠦᠨᠡᠨᠴᠢ ᠢᠲᠡᠭᠡᠮᠵᠢᠲᠡᠢ ᠪᠠ ᠲᠥᠪ ᠭᠤᠣᠯᠴᠢ ᠪᠠᠶᠢᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠠᠵᠢᠯ ᠤᠨ ᠰᠠᠬᠢᠯᠭ᠎ᠠ ᠪᠠᠲᠤ ᠶᠢ ᠵᠢᠷᠤᠮᠯᠠᠨ᠂ ᠪᠠᠶᠢᠴᠠᠭᠠᠯᠲᠠ ᠶᠢᠨ ᠨᠢᠭᠤᠴᠠ ᠶᠢ ᠬᠠᠮᠠᠭᠠᠯᠠᠨ᠂ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃      ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠭᠰᠠᠨ ᠠᠵᠢᠯᠲᠠᠨ ᠭᠠᠯ ᠲᠦᠢᠮᠡᠷ ᠤᠨ ᠠᠳᠡᠯ ᠵᠢᠴᠢ ᠪᠠᠶᠢᠴᠠᠭᠠᠨ ᠰᠢᠢᠳᠪᠦᠷᠢᠯᠡᠭᠰᠡᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠳᠤᠷ᠎ᠠ ᠪᠠᠷ ᠢᠶᠠᠨ ᠭᠠᠳᠠᠭᠰᠢ ᠨᠡᠶᠢᠲᠡᠯᠡᠬᠦ ᠪᠠ ᠲᠠᠷᠬᠠᠭᠠᠵᠤ ᠪᠣᠯᠬᠤ ᠦᠭᠡᠢ᠃     ᠠᠷᠪᠠᠨ ᠨᠠᠢᠮᠠᠳᠤᠭᠠᠷ ᠵᠦᠢᠯ ᠪᠠᠶᠢᠴᠠᠭᠠᠯᠲᠠ ᠶᠢᠨ ᠶᠠᠪᠤᠴᠠ ᠳᠤ᠂ ᠪᠠᠶᠢᠴᠠᠭᠠᠯᠲᠠ ᠳᠤ ᠣᠷᠣᠯᠴᠠᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠬᠠᠤᠯᠢ ᠶᠣᠰᠣᠭᠠᠷ ᠴᠤᠭᠯᠠᠭᠤᠯᠤᠨ᠂ ᠦᠢᠯᠡᠳᠦᠭᠰᠡᠨ ᠲᠤᠬᠠᠢ ᠶᠢᠨ ᠬᠥᠮᠥᠨ ᠤ ᠲᠣᠭᠠᠴᠢᠯᠲᠠ᠂ ᠪᠢᠴᠢᠭ ᠤᠨ ᠭᠡᠷᠡᠴᠢ᠂ ᠪᠣᠳᠠᠰ ᠤᠨ ᠭᠡᠷᠡᠴᠢ᠂ ᠳᠠᠭᠤ ᠳᠦᠷᠰᠦ ᠰᠢᠩᠭᠡᠯᠲᠡ ᠶᠢᠨ ᠮᠠᠲ᠋ᠧᠷᠢᠶᠠᠯ᠂ ᠡᠯᠧᠺᠲᠷᠣᠨ ᠳ᠋ᠠᠶᠢᠲ᠋ᠠ᠂ ᠭᠡᠷᠡᠴᠢᠯᠡᠭᠴᠢ ᠶᠢᠨ ᠭᠡᠷᠡᠴᠢ ᠦᠭᠡ᠂ ᠬᠢᠨᠠᠨ ᠲᠣᠭᠲᠠᠭᠠᠭᠰᠠᠨ ᠰᠠᠨᠠᠯ᠂ ᠬᠠᠶᠢᠨ ᠰᠢᠯᠭᠠᠭᠰᠠᠨ ᠲᠡᠮᠳᠡᠭᠯᠡᠯ᠂ ᠲᠤᠬᠠᠢ ᠶᠢᠨ ᠲᠠᠯᠠᠪᠠᠶ ᠶᠢᠨ ᠲᠡᠮᠳᠡᠭᠯᠡᠯ ᠵᠡᠷᠭᠡ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠬᠠᠷᠢᠯᠴᠠᠨ ᠨᠡᠪᠲᠡᠷᠡᠯᠴᠡᠵᠦ ᠬᠠᠮᠲᠤ ᠬᠦᠷᠲᠡᠬᠦ ᠶᠢᠨ ᠳᠠᠭᠠᠤ ᠪᠠᠶᠢᠴᠠᠭᠠᠯᠲᠠ ᠶᠢᠨ ᠳᠤᠭᠤᠶᠢᠯᠠᠩ ᠳᠤ ᠴᠠᠭ ᠲᠤᠬᠠᠢ ᠳᠤ ᠨᠢ ᠰᠢᠯᠵᠢᠭᠦᠯᠦᠨ ᠲᠤᠰᠢᠶᠠᠬᠤ ᠪᠤᠶᠤ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ ᠪᠠᠶᠢᠭ᠎ᠠ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠰᠢᠯᠵᠢᠭᠦᠯᠦᠨ ᠥᠭᠬᠦ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ