ᠠᠷᠪᠠ ᠶᠢᠰᠦᠳᠦᠭᠡᠷ ᠵᠦᠢᠯ ᠭᠠᠯ ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠳᠤ ᠳᠣᠣᠷᠠᠬᠢ ᠠᠭᠤᠯᠭ᠎ᠠ ᠶᠢ ᠪᠠᠭᠲᠠᠭᠠᠭᠰᠠᠨ ᠪᠠᠶᠢᠬᠤ | ᠬᠡᠷᠡᠭᠲᠡᠢ᠄ | ︵ᠨᠢᠭᠡ︶ ᠭᠠᠯ ᠲᠦᠢᠮᠡᠷ ᠤᠨ ᠠᠳᠡᠯ ᠭᠠᠷᠤᠭᠰᠠᠨ ᠨᠢᠭᠡᠴᠢ ︵ᠲᠠᠯᠠᠪᠤᠷ ᠭᠠᠵᠠᠷ︶ ᠶᠢᠨ ᠲᠦᠢᠮᠣ ᠪᠠᠶᠢᠳᠠᠯ︔ | ︵ᠬᠤᠶᠠᠷ︶ ᠭᠠᠯ ᠲᠦᠢᠮᠡᠷ ᠤᠨ ᠠᠳᠡᠯ ᠭᠠᠷᠤᠭᠰᠠᠨ ᠶᠠᠪᠤᠴᠠ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠵᠤ ᠰᠢᠢᠳᠪᠦᠷᠢᠯᠡᠭᠰᠡᠨ ᠪᠠᠶᠢᠳᠠᠯ︔ | ︵ᠭᠤᠷᠪᠠ︶ ᠭᠠᠯ ᠲᠦᠢᠮᠡᠷ ᠤᠨ ᠠᠳᠡᠯ ᠠᠴᠠ ᠪᠣᠯᠵᠤ ᠬᠥᠮᠥᠨ ᠬᠠᠷ᠎ᠠ ᠠᠳᠡᠵᠦ ᠰᠢᠷᠬᠠᠲᠤᠭᠰᠠᠨ ᠪᠠ ᠠᠵᠤ ᠠᠬᠤᠢ ᠶᠢᠨ ᠰᠢᠭᠤᠳ ᠬᠤᠬᠢᠷᠠᠯ ᠭᠠᠷᠤᠭᠰᠠᠨ︔ | ︵ᠳᠥᠷᠪᠡ︶ ᠭᠠᠯ ᠲᠦᠢᠮᠡᠷ ᠤᠨ ᠠᠳᠡᠯ ᠤᠨ ᠭᠠᠯ ᠭᠠᠷᠤᠭᠰᠠᠨ ᠰᠢᠯᠲᠠᠭᠠᠨ᠂ ᠭᠠᠮᠰᠢᠭ ᠡᠭᠦᠰᠦᠭᠰᠡᠨ ᠰᠢᠯᠲᠠᠭᠠᠨ ᠪᠠ ᠠᠳᠡᠯ ᠤᠨ ᠰᠢᠨᠵᠢ ᠴᠢᠨᠠᠷ︔ | ︵ᠲᠠᠪᠤ︶ ᠭᠠᠯ ᠲᠦᠢᠮᠡᠷ ᠤᠨ ᠠᠳᠡᠯ ᠤᠨ ᠢᠯᠡᠷᠡᠭᠦᠯᠦᠭᠰᠡᠨ ᠭᠤᠣᠯ ᠠᠰᠠᠭᠤᠳᠠᠯ︔ | ︵ᠵᠢᠷᠭᠤᠭ᠎ᠠ︶ ᠭᠠᠯ ᠲᠦᠢᠮᠡᠷ ᠤᠨ ᠠᠳᠡᠯ ᠤᠨ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ ᠵᠢᠴᠢ ᠠᠳᠡᠯ ᠤᠨ ᠬᠠᠷᠢᠭᠤᠴᠠᠭᠴᠢ ᠳᠤ ᠰᠢᠢᠳᠬᠡᠯ ᠥᠭᠬᠦ | ᠰᠠᠨᠠᠭᠤᠯᠭ᠎ᠠ︔ | ︵ᠳᠣᠯᠤᠭ᠎ᠠ︶ ᠭᠠᠯ ᠲᠦᠢᠮᠡᠷ ᠤᠨ ᠠᠳᠡᠯ ᠢ ᠴᠡᠭᠴᠡᠯᠡᠨ ᠰᠠᠶᠢᠵᠢᠷᠠᠭᠤᠯᠬᠤ ᠪᠠ ᠰᠡᠷᠭᠡᠶᠢᠯᠡᠬᠦ ᠠᠷᠭ᠎ᠠ ᠬᠡᠮᠵᠢᠶᠡᠨ ᠤ ᠰᠠᠨᠠᠭᠤᠯᠭ᠎ᠠ᠃ | ᠪᠠᠶᠢᠴᠠᠭᠠᠯᠲᠠ ᠶᠢᠨ ᠮᠡᠳᠡᠭᠦᠯᠦᠯᠲᠡ ᠳᠤ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠳᠠᠭᠠᠯᠳᠤᠭᠤᠯᠬᠤ ᠬᠡᠷᠡᠭᠲᠡᠢ᠃ ᠪᠠᠶᠢᠴᠠᠭᠠᠯᠲᠠ ᠶᠢᠨ | ᠳᠤᠭᠤᠶᠢᠯᠠᠩ ᠤᠨ ᠪᠦᠷᠢᠯᠳᠦᠭᠦᠨ ᠨᠠᠷ ᠪᠠᠶᠢᠴᠠᠭᠠᠯᠲᠠ ᠶᠢᠨ ᠮᠡᠳᠡᠭᠦᠯᠦᠯᠲᠡ ᠳᠤ ᠭᠠᠷ ᠤᠨ ᠦᠰᠦᠭ ᠵᠢᠷᠤᠵᠤ ᠨᠤᠲᠠᠯᠠᠬᠤ ᠬᠡᠷᠡᠭᠲᠡᠢ᠃ ᠪᠠᠶᠢᠴᠠᠭᠠᠯᠲᠠ ᠶᠢᠨ | ᠳᠤᠭᠤᠶᠢᠯᠠᠩ ᠤᠨ ᠪᠦᠷᠢᠯᠳᠦᠭᠦᠨ ᠨᠠᠷ ᠪᠠᠶᠢᠴᠠᠭᠠᠯᠲᠠ ᠶᠢᠨ ᠮᠡᠳᠡᠭᠦᠯᠦᠯᠲᠡ ᠳᠤ ᠠᠳᠠᠯᠢ ᠪᠤᠰᠤ ᠰᠠᠨᠠᠯ ᠪᠠᠶᠢᠪᠠᠯ᠂ ᠭᠠᠷ ᠤᠨ ᠦᠰᠦᠭ ᠵᠢᠷᠤᠭᠰᠠᠨ ᠤ ᠳᠠᠷᠠᠭ᠎ᠠ ᠠᠳᠠᠯᠢ | ᠪᠤᠰᠤ ᠰᠠᠨᠠᠯ ᠲᠠᠢ ᠪᠣᠯᠤᠭᠰᠠᠨ ᠰᠢᠯᠲᠠᠭᠠᠨ ᠪᠠ ᠦᠨᠳᠦᠰᠦᠯᠡᠯ ᠢᠶᠠᠨ ᠲᠤᠰᠬᠠᠢ ᠬᠠᠭᠤᠳᠠᠰᠤᠨ ᠳᠤ ᠪᠢᠴᠢᠵᠦ ᠲᠣᠳᠣᠷᠬᠠᠶᠢᠯᠠᠭᠠᠳ ᠳᠠᠭᠠᠯᠳᠤᠭᠤᠯᠬᠤ ᠬᠡᠷᠡᠭᠲᠡᠢ᠃ | ᠬᠤᠷᠢᠳᠤᠭᠠᠷ ᠵᠦᠢᠯ ᠭᠠᠯ ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠪᠠᠶᠢᠴᠠᠭᠠᠯᠲᠠ ᠶᠢᠨ ᠳᠤᠭᠤᠶᠢᠯᠠᠩ ᠬᠢᠨᠠᠨ ᠵᠥᠪᠯᠡᠵᠦ ᠪᠠᠲᠤᠯᠠᠬᠤ | ᠬᠡᠷᠡᠭᠲᠡᠢ᠃ ᠪᠠᠶᠢᠴᠠᠭᠠᠯᠲᠠ ᠶᠢᠨ ᠳᠤᠭᠤᠶᠢᠯᠠᠩ ᠤᠨ ᠪᠦᠷᠢᠯᠳᠦᠭᠦᠨ ᠨᠠᠷ ᠭᠠᠯ ᠭᠠᠷᠤᠭᠰᠠᠨ ᠰᠢᠯᠲᠠᠭᠠᠨ᠂ ᠠᠳᠡᠯ ᠤᠨ ᠰᠢᠨᠵᠢ ᠴᠢᠨᠠᠷ᠂ ᠬᠠᠷᠢᠭᠤᠴᠠᠯᠭ᠎ᠠ ᠶᠢᠨ | ᠮᠠᠭᠠᠳᠯᠠᠨ ᠲᠣᠭᠲᠠᠭᠠᠯᠲᠠ᠂ ᠬᠠᠷᠢᠭᠤᠴᠠᠭᠴᠢ ᠳᠤ ᠰᠢᠢᠳᠬᠡᠯ ᠥᠭᠬᠦ ᠰᠠᠨᠠᠭᠤᠯᠭ᠎ᠠ ᠵᠡᠷᠭᠡ ᠳᠤ ᠰᠠᠨᠠᠯ ᠦᠯᠦ ᠨᠢᠭᠡᠳᠪᠡᠯ᠂ ᠪᠠᠶᠢᠴᠠᠭᠠᠯᠲᠠ ᠶᠢᠨ ᠳᠤᠭᠤᠶᠢᠯᠠᠩ ᠤᠨ | ᠳᠠᠷᠤᠭ᠎ᠠ ᠵᠣᠬᠢᠴᠠᠭᠤᠯᠬᠤ ᠬᠡᠷᠡᠭᠲᠡᠢ︔ ᠵᠣᠬᠢᠴᠠᠭᠤᠯᠤᠭᠠᠳ ᠮᠥᠨ ᠬᠦ ᠰᠠᠨᠠᠯ ᠦᠯᠦ ᠨᠢᠭᠡᠳᠪᠡᠯ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ | ᠳᠡᠪᠰᠢᠭᠦᠯᠦᠭᠡᠳ ᠰᠤᠳᠤᠯᠤᠨ ᠲᠣᠭᠲᠠᠭᠠᠯᠭᠠᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠪᠠᠶᠢᠴᠠᠭᠠᠯᠲᠠ ᠶᠢᠨ ᠳᠤᠭᠤᠶᠢᠯᠠᠩ ᠭᠠᠯ ᠲᠦᠢᠮᠡᠷ ᠤᠨ ᠠᠳᠡᠯ ᠭᠠᠷᠤᠭᠰᠠᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ︵ | ᠬᠠᠤᠯᠢ ᠳᠤ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠᠭᠲᠠᠨ᠎ᠠ᠂ ᠳᠣᠷᠣᠭᠰᠢ ᠠᠳᠠᠯᠢ︶ ᠪᠠᠶᠢᠴᠠᠭᠠᠯᠲᠠ ᠶᠢᠨ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠢ︔ | ᠣᠨᠴᠠᠭᠠᠢ ᠪᠠᠶᠢᠳᠠᠯ ᠳᠤ᠂ ᠭᠠᠯ ᠲᠦᠢᠮᠡᠷ ᠤᠨ ᠠᠳᠡᠯ ᠤᠨ ᠪᠠᠶᠢᠴᠠᠭᠠᠨ ᠰᠢᠢᠳᠪᠦᠷᠢᠯᠡᠯᠲᠡ ᠶᠢ ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ ᠬᠤᠭᠤᠴᠠᠭ᠎ᠠ ᠶᠢ ᠨᠢ ᠤᠷᠲᠤᠳᠬᠠᠵᠤ ᠪᠣᠯᠣᠨ᠎ᠠ᠂ ᠤᠷᠲᠤᠳᠬᠠᠬᠤ ᠬᠤᠭᠤᠴᠠᠭ᠎ᠠ ᠶᠢ ᠬᠠᠮᠤᠭ ᠤᠨ ᠤᠷᠳᠦ ᠳᠤ ᠪᠠᠨ 60 ᠡᠳᠦᠷ ᠠᠴᠠ | ᠬᠡᠲᠦᠷᠡᠭᠦᠯᠵᠦ ᠪᠣᠯᠬᠤ ᠦᠭᠡᠢ᠃ | ᠳᠣᠣᠷ᠎ᠠ ᠵᠢᠭᠰᠠᠭᠠᠭᠰᠠᠨ ᠴᠠᠭ ᠢ ᠪᠠᠶᠢᠴᠠᠭᠠᠯᠲᠠ ᠶᠢᠨ ᠬᠤᠭᠤᠴᠠᠭᠠᠨ ᠳᠤ ᠪᠣᠳᠣᠵᠤ ᠣᠷᠣᠭᠤᠯᠬᠤ ᠦᠭᠡᠢ᠂ ᠭᠡᠬᠦ ᠳᠤ ᠪᠠᠨ ᠭᠠᠯ ᠲᠦᠢᠮᠡᠷ ᠤᠨ ᠠᠳᠡᠯ ᠤᠨ | ᠪᠠᠶᠢᠴᠠᠭᠠᠯᠲᠠ ᠶᠢᠨ ᠮᠡᠳᠡᠭᠦᠯᠦᠯᠲᠡ ᠶᠢ ᠮᠡᠳᠡᠭᠦᠯᠦᠨ ᠬᠦᠷᠭᠡᠬᠦ ᠳᠤ ᠪᠠᠨ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠳᠤ | ᠲᠣᠳᠣᠷᠬᠠᠶᠢᠯᠠᠬᠤ ᠬᠡᠷᠡᠭᠲᠡᠢ᠄ | ︵ᠨᠢᠭᠡ︶ ᠭᠠᠯ ᠲᠦᠢᠮᠡᠷ ᠤᠨ ᠠᠳᠡᠯ ᠢ ᠪᠠᠶᠢᠴᠠᠭᠠᠵᠤ ᠬᠢᠨᠠᠨ ᠬᠠᠷᠭᠤᠭᠤᠯᠬᠤ ᠳᠤ ᠬᠡᠷᠡᠭᠰᠡᠬᠦ ᠴᠠᠭ ᠢ ᠨᠢᠭᠤᠵᠤ ᠦᠯᠦ ᠮᠡᠳᠡᠭᠦᠯᠦᠭᠰᠡᠨ᠂ ᠬᠤᠳᠠᠯ ᠢᠶᠠᠷ | ᠮᠡᠳᠡᠭᠦᠯᠦᠭᠰᠡᠨ᠂ ᠣᠷᠣᠢ ᠮᠡᠳᠡᠭᠦᠯᠦᠭᠰᠡᠨ︔ | ︵ᠬᠤᠶᠠᠷ︶ ᠭᠠᠯ ᠲᠦᠢᠮᠡᠷ ᠤᠨ ᠠᠳᠡᠯ ᠠᠴᠠ ᠠᠪᠤᠷᠠᠨ ᠲᠤᠰᠠᠯᠠᠬᠤ ᠠᠴᠠ ᠪᠣᠯᠵᠤ ᠲᠤᠬᠠᠢ ᠶᠢᠨ ᠳᠡᠯᠡᠪᠡᠢ ᠶᠢ ᠬᠠᠶᠢᠨ ᠪᠠᠶᠢᠴᠠᠭᠠᠬᠤ ᠠᠷᠭ᠎ᠠ ᠦᠭᠡᠢ ᠪᠣᠯᠤᠭᠰᠠᠨ | ᠴᠠᠭ︔ | ︵ᠭᠤᠷᠪᠠ︶ ᠨᠡᠷ᠎ᠡ ᠵᠢᠭᠠᠵᠤ ᠰᠢᠮᠳᠠᠭᠤᠯᠤᠨ ᠭᠦᠢᠴᠡᠳᠬᠡᠯᠭᠡᠭᠰᠡᠨ᠂ ᠮᠥᠷᠳᠡᠵᠦ ᠰᠢᠮᠳᠠᠭᠤᠯᠤᠨ ᠰᠢᠢᠳᠪᠦᠷᠢᠯᠡᠭᠰᠡᠨ ᠭᠠᠯ ᠲᠦᠢᠮᠡᠷ ᠤᠨ ᠠᠳᠡᠯ ᠢ ᠬᠢᠨᠠᠨ | ᠬᠠᠷᠭᠤᠭᠤᠯᠵᠤ ᠳᠠᠩᠰᠠᠯᠠᠭᠤᠯᠤᠭᠰᠠᠨ ᠴᠠᠭ︔ | ︵ᠳᠥᠷᠪᠡ︶ ᠪᠠᠶᠢᠴᠠᠭᠠᠨ ᠰᠢᠯᠭᠠᠬᠤ᠂ ᠮᠡᠷᠭᠡᠵᠢᠯ ᠤᠨ ᠬᠢᠨᠠᠨ ᠲᠣᠭᠲᠠᠭᠠᠯᠲᠠ ᠬᠢᠬᠦ ᠳᠤ ᠬᠡᠷᠡᠭᠰᠡᠬᠦ ᠴᠠᠭ᠃ |