︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠲᠣᠭᠲᠠᠭᠠᠯ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠶᠢᠰᠦ︶
ᠨᠡᠶᠢᠲᠡᠯᠡᠭᠰᠡᠨ ᠴᠠᠭ᠄
2024/12/23
     ᠬᠤᠷᠢᠨ ᠬᠤᠶᠠᠳᠤᠭᠠᠷ ᠵᠦᠢᠯ ᠭᠠᠯ ᠲᠦᠢᠮᠡᠷ ᠤᠨ ᠠᠳᠡᠯ ᠤᠨ ᠪᠠᠶᠢᠴᠠᠭᠠᠨ ᠰᠢᠢᠳᠪᠦᠷᠢᠯᠡᠯᠲᠡ ᠶᠢ ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠭᠠᠯ ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ ᠴᠣᠬᠤᠯᠠᠪᠤᠷᠢᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠳᠤ ᠬᠠᠭᠤᠯᠤᠨ ᠢᠯᠡᠭᠡᠬᠦ ᠶᠢᠨ ᠬᠠᠮᠲᠤ ᠨᠡᠶᠢᠭᠡᠮ ᠨᠡᠶᠢᠲᠡ ᠳᠤ ᠭᠠᠯ ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠠᠤᠯᠢ ᠶᠣᠰᠣᠭᠠᠷ ᠨᠡᠶᠢᠲᠡᠯᠡᠬᠦ ᠬᠡᠷᠡᠭᠲᠡᠢ᠃     ᠬᠤᠷᠢᠨ ᠭᠤᠷᠪᠠᠳᠤᠭᠠᠷ ᠵᠦᠢᠯ ᠬᠤᠯᠪᠣᠭᠳᠠᠯ ᠪᠦᠬᠦᠢ ᠪᠠᠶᠢᠭᠤᠯᠭ᠎ᠠ᠂ ᠰᠠᠯᠠᠭ᠎ᠠ ᠮᠥᠴᠢᠷ ᠪᠠ ᠭᠠᠯ ᠲᠦᠢᠮᠡᠷ ᠤᠨ ᠠᠳᠡᠯ ᠤᠨ ᠬᠠᠮᠢᠶ᠎ᠠ ᠪᠦᠬᠦᠢ ᠨᠢᠭᠡᠴᠢ ᠨᠦᠭᠦᠳ ᠨᠢ᠂ ᠭᠠᠯ ᠲᠦᠢᠮᠡᠷ ᠤᠨ ᠠᠳᠡᠯ ᠤᠨ ᠪᠠᠶᠢᠴᠠᠭᠠᠯᠲᠠ ᠰᠢᠢᠳᠪᠦᠷᠢᠯᠡᠯᠲᠡ ᠶᠢ ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠴᠣᠬᠤᠯᠠᠪᠤᠷᠢᠯᠠᠭᠰᠠᠨ ᠤ ᠳᠠᠷᠠᠭᠠᠬᠢ 3 ᠰᠠᠷ᠎ᠠ ᠶᠢᠨ ᠳᠣᠲᠣᠷ᠎ᠠ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠰᠢᠢᠳᠪᠦᠷᠢᠯᠡᠭᠰᠡᠨ ᠪᠠᠶᠢᠳᠠᠯ᠂ ᠭᠠᠯ ᠲᠦᠢᠮᠡᠷ ᠤᠨ ᠠᠳᠡᠯ ᠢ ᠴᠡᠭᠴᠡᠯᠡᠨ ᠰᠠᠶᠢᠵᠢᠷᠠᠭᠤᠯᠬᠤ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠴᠣᠬᠤᠯᠠᠪᠤᠷᠢᠯᠠᠭᠰᠠᠨ ᠠᠷᠠᠳ ᠤᠨ ᠵᠠᠰᠠᠭ ᠤᠨ ᠣᠷᠳᠣᠨ ᠳᠤ ᠪᠢᠴᠢᠭ ᠢᠶᠠᠷ ᠮᠡᠳᠡᠭᠦᠯᠦᠨ ᠬᠦᠷᠭᠡᠬᠦ ᠬᠡᠷᠡᠭᠲᠡᠢ᠃     ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠬᠤ ᠴᠢᠬᠤᠯᠠ ᠦᠭᠡᠢ ᠭᠠᠯ ᠲᠦᠢᠮᠡᠷ ᠤᠨ ᠠᠳᠡᠯ ᠳᠤ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠤᠳ ᠭᠠᠯ ᠲᠦᠢᠮᠡᠷ ᠤᠨ ᠠᠳᠡᠯ ᠤᠨ ᠪᠠᠶᠢᠳᠠᠯ ᠤᠨ ᠨᠡᠪᠲᠡᠷᠡᠭᠦᠯᠭᠡ ᠶᠢ ᠲᠣᠰᠴᠤ ᠣᠯᠣᠭᠰᠠᠨ ᠤ ᠳᠠᠷᠠᠭ᠎ᠠ᠂ ᠰᠢᠢᠳᠪᠦᠷᠢᠯᠡᠭᠰᠡᠨ ᠪᠠᠶᠢᠳᠠᠯ ᠢᠶᠠᠨ ᠲᠤᠰ ᠱᠠᠲᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠮᠡᠳᠡᠭᠦᠯᠦᠨ ᠬᠦᠷᠭᠡᠬᠦ ᠬᠡᠷᠡᠭᠲᠡᠢ᠃     ᠬᠤᠷᠢᠨ ᠳᠥᠷᠪᠡᠳᠦᠭᠡᠷ ᠵᠦᠢᠯ ᠭᠠᠯ ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠪᠠᠶᠢᠴᠠᠭᠠᠨ ᠰᠢᠢᠳᠪᠦᠷᠢᠯᠡᠯᠲᠡ ᠶᠢ ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠭᠰᠡᠨ ᠤ ᠳᠠᠷᠠᠭ᠎ᠠ᠂ ᠪᠠᠶᠢᠴᠠᠭᠠᠯᠲᠠ ᠶᠢᠨ ᠳᠤᠭᠤᠶᠢᠯᠠᠩ ᠤᠨ ᠪᠠᠶᠢᠴᠠᠭᠠᠨ ᠰᠢᠢᠳᠪᠦᠷᠢᠯᠡᠬᠦ ᠠᠵᠢᠯ ᠳᠠᠭᠤᠰᠤᠨ᠎ᠠ᠃     ᠭᠠᠯ ᠲᠦᠢᠮᠡᠷ ᠤᠨ ᠠᠳᠡᠯ ᠤᠨ ᠪᠠᠶᠢᠴᠠᠭᠠᠨ ᠰᠢᠢᠳᠪᠦᠷᠢᠯᠡᠯᠲᠡ ᠶᠢᠨ ᠬᠤᠯᠪᠣᠭᠳᠠᠯ ᠪᠦᠬᠦᠢ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠤᠨ ᠬᠠᠳᠠᠭᠠᠯᠠᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ