ᠬᠤᠷᠢᠨ ᠨᠠᠢᠮᠠᠳᠤᠭᠠᠷ ᠵᠦᠢᠯ ᠦᠨᠡᠯᠡᠨ ᠵᠢᠱᠢᠬᠦ ᠠᠵᠢᠯ ᠢ ᠦᠨᠡᠯᠡᠨ ᠵᠢᠱᠢᠬᠦ ᠳᠤᠭᠤᠶᠢᠯᠠᠩ ᠪᠠᠶᠢᠭᠤᠯᠤᠭᠳᠠᠭᠰᠠᠨ ᠤ ᠳᠠᠷᠠᠭᠠᠬᠢ 60 ᠡᠳᠦᠷ ᠤᠨ ᠳᠣᠲᠣᠷ᠎ᠠ | ᠪᠡᠶᠡᠯᠡᠭᠦᠯᠵᠦ᠂ ᠮᠡᠳᠡᠭᠦᠯᠦᠯᠲᠡ ᠭᠠᠷᠭᠠᠭᠠᠳ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃ ᠦᠨᠡᠯᠡᠨ ᠵᠢᠱᠢᠯᠲᠡ ᠶᠢᠨ | ᠮᠡᠳᠡᠭᠦᠯᠦᠯᠲᠡ ᠳᠤ ᠳᠣᠣᠷᠠᠬᠢ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠢ᠄ | ︵ᠨᠢᠭᠡ︶ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠭᠰᠠᠨ ᠵᠢᠴᠢ ᠥᠷᠨᠢᠭᠦᠯᠦᠭᠰᠡᠨ ᠪᠠᠶᠢᠳᠠᠯ︔ | ︵ᠬᠤᠶᠠᠷ︶ ᠬᠠᠷᠢᠭᠤᠴᠠᠭᠴᠢ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ︔ | ︵ᠭᠤᠷᠪᠠ︶ ᠭᠠᠯ ᠲᠦᠢᠮᠡᠷ ᠤᠨ ᠠᠳᠡᠯ ᠢ ᠴᠡᠭᠴᠡᠯᠡᠨ ᠰᠠᠶᠢᠵᠢᠷᠠᠭᠤᠯᠬᠤ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ︔ | ︵ᠳᠥᠷᠪᠡ︶ ᠦᠨᠡᠯᠡᠨ ᠵᠢᠱᠢᠯᠲᠡ ᠶᠢᠨ ᠰᠠᠨᠠᠯ᠃ | ᠬᠤᠷᠢ ᠶᠢᠰᠦᠳᠦᠭᠡᠷ ᠵᠦᠢᠯ ᠭᠠᠯ ᠲᠦᠢᠮᠡᠷ ᠤᠨ ᠠᠳᠡᠯ ᠳᠤ ᠢᠯᠡᠷᠡᠭᠰᠡᠨ ᠲᠣᠪᠤᠶᠢᠮ᠎ᠠ ᠠᠰᠠᠭᠤᠳᠠᠯ ᠳᠤ᠂ ᠬᠠᠮᠢᠶᠠᠷᠤᠯᠲᠠ ᠪᠠ ᠮᠡᠷᠭᠡᠵᠢᠯ ᠤᠨ ᠦᠨᠳᠦᠰᠦᠯᠡᠯ ᠨᠢ | ᠬᠠᠷᠠᠬᠠᠨ ᠳᠤᠲᠠᠭᠳᠠᠭᠰᠠᠨ ᠪᠤᠶᠤ ᠣᠳᠣ ᠶᠢᠨ ᠬᠡᠷᠡᠭᠵᠢᠭᠦᠯᠵᠦ ᠪᠠᠶᠢᠭ᠎ᠠ ᠵᠢᠷᠤᠮᠵᠢᠯ ᠪᠠᠷᠢᠮᠵᠢᠶ᠎ᠠ ᠨᠢ ᠭᠠᠯ ᠲᠦᠢᠮᠡᠷ ᠢ ᠰᠡᠷᠭᠡᠶᠢᠯᠡᠨ ᠡᠵᠡᠮᠳᠡᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠣᠯ᠂ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠬᠤᠯᠪᠣᠭᠳᠠᠯ ᠪᠦᠬᠦᠢ ᠰᠠᠯᠠᠭ᠎ᠠ ᠮᠥᠴᠢᠷ | ᠨᠢᠭᠡᠴᠢ ᠳᠤ ᠪᠠᠷᠢᠮᠵᠢᠶ᠎ᠠ ᠵᠢᠷᠤᠮᠵᠢᠯ ᠲᠣᠭᠲᠠᠭᠠᠬᠤ ᠪᠤᠶᠤ ᠵᠠᠰᠠᠪᠤᠷᠢ ᠣᠷᠣᠭᠤᠯᠬᠤ ᠳᠤᠷᠠᠳᠤᠯᠭ᠎ᠠ ᠳᠡᠪᠰᠢᠭᠦᠯᠦᠨ᠎ᠡ᠃ |