︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠲᠣᠭᠲᠠᠭᠠᠯ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠠᠷᠪᠠᠨ ᠬᠤᠶᠠᠷ︶
ᠨᠡᠶᠢᠲᠡᠯᠡᠭᠰᠡᠨ ᠴᠠᠭ᠄
2024/12/23
     ᠲᠠᠪᠤᠳᠤᠭᠠᠷ ᠪᠦᠯᠦᠭ ᠠᠳᠡᠯ ᠢ ᠰᠢᠢᠳᠪᠦᠷᠢᠯᠡᠬᠦ     ᠭᠤᠴᠢᠳᠤᠭᠠᠷ ᠵᠦᠢᠯ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ᠂ ᠰᠠᠯᠠᠭ᠎ᠠ ᠮᠥᠴᠢᠷ ᠨᠢᠭᠡᠴᠢ ᠵᠢᠴᠢ ᠭᠠᠯ ᠲᠦᠢᠮᠡᠷ ᠤᠨ ᠠᠳᠡᠯ ᠭᠠᠷᠤᠭᠰᠠᠨ ᠨᠢᠭᠡᠴᠢ ︵ᠲᠠᠯᠠᠪᠤᠷ ᠭᠠᠵᠠᠷ︶ ᠨᠦᠭᠦᠳ ᠴᠣᠬᠤᠯᠠᠪᠤᠷᠢᠯᠠᠭᠰᠠᠨ ᠭᠠᠯ ᠲᠦᠢᠮᠡᠷ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠪᠤᠶᠤ ᠭᠠᠯ ᠲᠦᠢᠮᠡᠷ ᠤᠨ ᠠᠳᠡᠯ ᠢ ᠮᠠᠭᠠᠳᠯᠠᠨ ᠲᠣᠭᠲᠠᠭᠠᠭᠰᠠᠨ ᠪᠠᠶᠢᠳᠠᠯ ᠶᠣᠰᠣᠭᠠᠷ᠂ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠡᠷᠬᠡ ᠮᠡᠳᠡᠯ ᠪᠠ ᠳᠡᠰ ᠳᠠᠷᠠᠭᠠᠯᠠᠯ ᠶᠣᠰᠣᠭᠠᠷ ᠭᠠᠯ ᠲᠦᠢᠮᠡᠷ ᠤᠨ ᠠᠳᠡᠯ ᠤᠨ ᠬᠠᠷᠢᠭᠤᠴᠠᠭᠴᠢ ᠶᠢ ᠰᠢᠢᠳᠪᠦᠷᠢᠯᠡᠬᠦ ᠬᠡᠷᠡᠭᠲᠡᠢ︔ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠦᠷᠢᠶᠡᠨ ᠳᠤ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠣᠷᠣᠰᠢᠪᠠᠯ᠂ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠭᠠᠯ ᠲᠦᠢᠮᠡᠷ ᠤᠨ ᠠᠳᠡᠯ ᠤᠨ ᠬᠠᠷᠢᠭᠤᠴᠠᠯᠭ᠎ᠠ ᠡᠭᠦᠷᠭᠡᠯᠡᠵᠦ ᠪᠠᠶᠢᠭ᠎ᠠ ᠬᠥᠮᠥᠨ ᠶᠠᠯ᠎ᠠ ᠬᠢᠭᠰᠡᠨ ᠢᠶᠠᠷ ᠰᠡᠵᠢᠭᠯᠡᠭᠳᠡᠪᠡᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠪᠥᠭᠡᠳ ᠨᠡᠶᠢᠭᠡᠮ ᠳᠤ ᠨᠡᠯᠢᠶᠡᠳ ᠶᠡᠭᠡ ᠨᠥᠯᠥᠭᠡ ᠲᠠᠢ ᠭᠠᠯ ᠲᠦᠢᠮᠡᠷ ᠭᠠᠷᠪᠠᠯ᠂ ᠭᠠᠯ ᠲᠦᠢᠮᠡᠷ ᠤᠨ ᠠᠳᠡᠯ ᠤᠨ ᠪᠠᠶᠢᠴᠠᠭᠠᠨ ᠰᠢᠢᠳᠪᠦᠷᠢᠯᠡᠯᠲᠡ ᠶᠢ ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠨᠢ ᠭᠠᠯ ᠲᠦᠢᠮᠡᠷ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠭᠠᠯ ᠲᠦᠢᠮᠡᠷ ᠤᠨ ᠠᠳᠡᠯ ᠭᠠᠷᠤᠭᠰᠠᠨ ᠨᠢᠭᠡᠴᠢ ︵ᠲᠠᠯᠠᠪᠤᠷ ᠭᠠᠵᠠᠷ︶ ᠶᠢᠨ ᠬᠠᠷᠢᠭᠤᠴᠠᠯᠭᠠᠲᠠᠨ ᠯᠤᠭ᠎ᠠ ᠪᠣᠯᠵᠣᠨ ᠶᠠᠷᠢᠯᠴᠠᠬᠤ ᠬᠡᠷᠡᠭᠲᠡᠢ᠃     ᠭᠤᠴᠢᠨ ᠨᠢᠭᠡᠳᠦᠭᠡᠷ ᠵᠦᠢᠯ ᠪᠠᠶᠢᠴᠠᠭᠠᠨ ᠰᠢᠢᠳᠪᠦᠷᠢᠯᠡᠬᠦ ᠶᠠᠪᠤᠴᠠ ᠳᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠤᠷᠲᠤ ᠬᠤᠭᠤᠴᠠᠭ᠎ᠠ ᠪᠠᠷ ᠣᠷᠣᠰᠢᠵᠤ ᠪᠠᠶᠢᠬᠤ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠦᠨᠳᠦ ᠶᠡᠭᠡ ᠭᠡᠮ ᠰᠣᠭᠤᠭ ᠢ ᠴᠠᠭ ᠲᠤᠬᠠᠢ ᠳᠤ ᠨᠢ ᠵᠢᠭᠰᠠᠭᠠᠨ ᠪᠠᠶᠢᠴᠠᠭᠠᠵᠤ ᠵᠠᠰᠠᠯᠲᠠ ᠬᠢᠭᠰᠡᠨ ᠦᠭᠡᠢ ᠠᠴᠠ ᠪᠣᠯᠵᠤ᠂ ᠮᠠᠭᠤ ᠨᠥᠯᠥᠭᠡ ᠪᠤᠶᠤ ᠤᠷᠰᠢᠭ ᠳ᠋ᠦᠩ ᠡᠭᠦᠰᠬᠡᠭᠰᠡᠨ ᠦᠵᠡᠭᠳᠡᠯ ᠢ ᠣᠯᠵᠤ ᠮᠡᠳᠡᠪᠡᠯ᠂ ᠬᠠᠮᠢᠶ᠎ᠠ ᠪᠦᠬᠦᠢ ᠠᠵᠢᠯᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ᠂ ᠲᠤᠰ ᠭᠠᠵᠠᠷ ᠣᠷᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ