︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠲᠣᠭᠲᠠᠭᠠᠯ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠠᠷᠪᠠᠨ ᠭᠤᠷᠪᠠ︶
ᠨᠡᠶᠢᠲᠡᠯᠡᠭᠰᠡᠨ ᠴᠠᠭ᠄
2024/12/23
     ᠭᠤᠴᠢᠨ ᠬᠤᠶᠠᠳᠤᠭᠠᠷ ᠵᠦᠢᠯ ᠨᠡᠯᠢᠶᠡᠳ ᠶᠡᠭᠡ ᠭᠠᠯ ᠲᠦᠢᠮᠡᠷ ᠤᠨ ᠬᠠᠷᠢᠭᠤᠴᠠᠯᠭ᠎ᠠ ᠶᠢᠨ ᠠᠳᠡᠯ ᠭᠠᠷᠤᠭᠰᠠᠨ ᠪᠣᠯ᠂ ᠬᠢᠨᠠᠨ ᠬᠠᠮᠢᠶᠠᠷᠬᠤ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠭᠠᠯ ᠲᠦᠢᠮᠡᠷ ᠤᠨ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠵᠢᠴᠢ ᠲᠡᠭᠦᠨ ᠠᠴᠠ ᠳᠣᠷᠣᠭᠰᠢᠬᠢ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ︔ ᠬᠦᠨᠳᠦ ᠶᠡᠭᠡ ᠵᠢᠴᠢ ᠲᠡᠭᠦᠨ ᠠᠴᠠ ᠳᠡᠭᠡᠭᠰᠢᠬᠢ ᠭᠠᠯ ᠲᠦᠢᠮᠡᠷ ᠤᠨ ᠬᠠᠷᠢᠭᠤᠴᠠᠯᠭ᠎ᠠ ᠶᠢᠨ ᠠᠳᠡᠯ ᠭᠠᠷᠤᠭᠰᠠᠨ ᠪᠣᠯ᠂ ᠭᠠᠯ ᠲᠦᠢᠮᠡᠷ ᠤᠨ ᠠᠳᠡᠯ ᠭᠠᠷᠤᠭᠰᠠᠨ ᠭᠠᠵᠠᠷ ᠤᠨ ᠠᠶᠢᠮᠠᠭ ᠬᠤᠲᠠ ᠵᠢᠴᠢ ᠲᠡᠭᠦᠨ ᠠᠴᠠ ᠳᠣᠷᠣᠭᠰᠢᠬᠢ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃     ᠭᠤᠴᠢᠨ ᠭᠤᠷᠪᠠᠳᠤᠭᠠᠷ ᠵᠦᠢᠯ ᠭᠠᠯ ᠲᠦᠢᠮᠡᠷ ᠤᠨ ᠠᠳᠡᠯ ᠢ ᠴᠡᠭᠴᠡᠯᠡᠨ ᠰᠠᠶᠢᠵᠢᠷᠠᠭᠤᠯᠬᠤ ᠪᠠ ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ᠬᠠᠷᠢᠭᠤᠴᠠᠭᠴᠢ ᠳᠤ ᠰᠢᠢᠳᠬᠡᠯ ᠥᠭᠬᠦ ᠶᠢ ᠦᠯᠦ ᠨᠠᠶᠢᠳᠠᠪᠤᠷᠢᠵᠢᠭᠤᠯᠤᠭᠰᠠᠨ ᠪᠤᠶᠤ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠣᠯ᠂ ᠦᠨᠡᠯᠡᠨ ᠵᠢᠱᠢᠬᠦ ᠳᠤᠭᠤᠶᠢᠯᠠᠩ ᠨᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠳᠤᠷᠠᠳᠤᠯᠭ᠎ᠠ ᠳᠡᠪᠰᠢᠭᠦᠯᠦᠭᠡᠳ ᠰᠢᠮᠳᠠᠭᠤᠯᠤᠨ ᠰᠢᠢᠳᠪᠦᠷᠢᠯᠡᠭᠦᠯᠵᠦ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠰᠢᠮᠳᠠᠭᠤᠯᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠨᠠᠶᠢᠳᠠᠪᠤᠷᠢᠵᠢᠭᠤᠯᠬᠤ ᠬᠡᠷᠡᠭᠲᠡᠢ᠃ ᠬᠤᠭᠤᠴᠠᠭ᠎ᠠ ᠥᠩᠭᠡᠷᠡᠭᠡᠳ ᠮᠥᠨ ᠬᠦ ᠴᠡᠭᠴᠡᠯᠡᠨ ᠰᠠᠶᠢᠵᠢᠷᠠᠭᠤᠯᠤᠭᠰᠠᠨ ᠦᠭᠡᠢ ᠠᠴᠠ ᠪᠣᠯᠵᠤ ᠬᠦᠨᠳᠦ ᠨᠣᠴᠢᠲᠠᠢ ᠤᠷᠰᠢᠭ ᠳ᠋ᠦᠩ ᠡᠭᠦᠰᠬᠡᠭᠰᠡᠨ ᠪᠣᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠨᠡᠪᠲᠡᠷᠡᠭᠦᠯᠦᠨ ᠮᠡᠳᠡᠭᠡᠯᠡᠵᠦ ᠴᠢᠩᠭ᠎ᠠ ᠰᠢᠢᠳᠪᠦᠷᠢᠯᠡᠭᠦᠯᠬᠦ᠂ ᠴᠢᠨᠠᠭᠰᠢᠯᠠᠪᠠᠯ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃     ᠭᠤᠴᠢᠨ ᠳᠥᠷᠪᠡᠳᠦᠭᠡᠷ ᠵᠦᠢᠯ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ᠂ ᠦᠨᠡᠯᠡᠨ ᠵᠢᠱᠢᠬᠦ ᠳᠤ ᠵᠦᠢ ᠶᠣᠰᠣᠨ ᠤ ᠰᠢᠯᠲᠠᠭᠠᠨ ᠦᠭᠡᠢ ᠪᠠᠷ ᠬᠠᠮᠵᠢᠯᠴᠠᠬᠤ ᠶᠢ ᠲᠡᠪᠴᠢᠭᠰᠡᠨ ᠨᠢᠭᠡᠴᠢ ᠪᠠ ᠬᠤᠪᠢ ᠬᠥᠮᠥᠨ ᠢ ᠬᠠᠤᠯᠢ ᠴᠠᠭᠠᠵᠠ ᠶᠢᠨ ᠪᠠᠶᠢᠭᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠠᠰᠠᠭᠤᠳᠠᠯ ᠤᠨ ᠰᠦᠪᠡᠭᠴᠢ ᠶᠢ ᠴᠠᠭ ᠲᠤᠬᠠᠢ ᠳᠤ ᠨᠢ ᠰᠢᠯᠵᠢᠭᠦᠯᠦᠨ ᠲᠤᠰᠢᠶᠠᠵᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ