ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | ᠭᠤᠴᠢᠨ ᠲᠠᠪᠤᠳᠤᠭᠠᠷ ᠵᠦᠢᠯ ᠪᠠᠶᠢᠴᠠᠭᠠᠯᠲᠠ ᠶᠢᠨ ᠳᠤᠭᠤᠶᠢᠯᠠᠩ ᠤᠨ ᠨᠡᠷᠡᠶᠢᠳᠦᠯ ᠳᠤ ︽ᠭᠠᠯ ᠲᠦᠢᠮᠡᠷ ᠤᠨ ᠨᠡᠷᠡᠶᠢᠳᠦᠯ + ᠠᠳᠡᠯ ᠤᠨ ᠪᠠᠶᠢᠴᠠᠭᠠᠯᠲᠠ ᠶᠢᠨ | ᠳᠤᠭᠤᠶᠢᠯᠠᠩ︾ ᠬᠡᠮᠡᠨ ᠨᠢᠭᠡᠳᠦᠯᠲᠡᠢ ᠬᠡᠷᠡᠭᠯᠡᠵᠦ᠂ ᠭᠠᠯ ᠲᠦᠢᠮᠡᠷ ᠤᠨ ᠨᠡᠷᠡᠶᠢᠳᠦᠯ ᠢ ᠬᠠᠮᠢᠶ᠎ᠠ ᠪᠦᠬᠦᠢ ᠲᠣᠭᠲᠠᠭᠠᠯ ᠤᠨ ᠪᠠᠷᠢᠮᠵᠢᠶ᠎ᠠ ᠪᠠᠷ ᠪᠣᠳᠠᠲᠠᠢ ᠯᠠᠪᠯᠠᠯᠲᠠ ᠪᠣᠯᠭᠠᠨ | ᠬᠡᠷᠡᠭᠵᠢᠭᠦᠯᠦᠨ᠎ᠡ᠃ | ᠭᠤᠴᠢᠨ ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠯ ᠲᠦᠢᠮᠡᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠵᠢᠴᠢ | ᠦᠨᠡᠯᠡᠨ ᠵᠢᠱᠢᠬᠦ ᠳᠤ ᠬᠡᠷᠡᠭᠰᠡᠬᠦ ᠠᠵᠢᠯ ᠤᠨ ᠵᠠᠷᠤᠳᠠᠯ ᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠨᠢᠭᠡᠳᠦᠯᠲᠡᠢ ᠲᠥᠯᠥᠪᠯᠡᠨ ᠪᠠᠲᠤᠯᠠᠨ᠎ᠠ᠃ | ᠭᠤᠴᠢᠨ ᠳᠣᠯᠣᠳᠤᠭᠠᠷ ᠵᠦᠢᠯ ᠲᠤᠰ ᠲᠣᠭᠲᠠᠭᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠤᠨ ᠠᠳᠡᠯ ᠤᠨ ᠬᠠᠷᠢᠭᠤᠴᠠᠯᠭ᠎ᠠ ᠳᠤ ᠪᠠᠶᠢᠴᠠᠭᠠᠯᠲᠠ ᠬᠢᠬᠦ ᠲᠣᠭᠲᠠᠭᠠᠯ ︵ᠲᠤᠷᠰᠢᠨ ᠬᠡᠷᠡᠭᠵᠢᠭᠦᠯᠬᠦ︶﹀ ᠢ | ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ | ᠲᠠᠷᠬᠠᠭᠠᠭᠰᠠᠨ ︹2022︺ 15 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | | 2024 ᠣᠨ ᠤ 11 ᠳ᠋ᠦ᠋ᠭᠡᠷ ᠰᠠᠷ᠎ᠠ ᠶᠢᠨ 13 ᠤ ᠡᠳᠦᠷ ᠳᠠᠷᠤᠮᠠᠯᠯᠠᠨ ᠲᠠᠷᠬᠠᠭᠠᠪᠠ |