ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | ᠥᠪᠥᠷ ᠵᠠᠰᠠᠭ ᠦᠰᠦᠭ ︹ 2024 ︺ 213 ᠳ᠋ᠤᠭᠠᠷ ᠲᠣᠭᠠᠲᠤ | | ︽ᠭᠦᠬᠡᠬᠤᠲᠠ ᠶᠢᠨ ᠢᠦᠢ ᠴᠢᠤᠸᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ | ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ | ︵2022 – 2024 ᠣᠨ︶︾ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ | | | ᠭᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄ | ᠲᠠᠨ ᠤ ᠬᠤᠲᠠ ᠶᠢᠨ ︽ᠭᠦᠬᠡᠬᠤᠲᠠ ᠶᠢᠨ ᠢᠦᠢ ᠴᠢᠤᠸᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ | ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ᠢ ᠵᠥᠪᠰᠢᠶᠡᠷᠡᠭᠦᠯᠬᠦ ᠲᠤᠬᠠᠢ ᠡᠰᠢᠯᠡᠯᠲᠡ︾ ︵ᠭᠦᠬᠡᠬᠤᠲᠠ ᠵᠠᠰᠠᠭ ᠲᠠᠷᠬᠠᠭᠠᠭᠰᠠᠨ ︹2024︺ 282 ᠳ᠋ᠤᠭᠠᠷ | ᠲᠣᠭᠠᠲᠤ︶ ᠶᠢ ᠭᠥᠯᠢᠶᠡᠨ ᠠᠪᠴᠤ ᠣᠶᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ | ᠪᠠᠶᠢᠴᠠᠭᠠᠯᠭᠠᠭᠠᠳ᠂ ︽ᠭᠦᠬᠡᠬᠤᠲᠠ ᠶᠢᠨ ᠢᠦᠢ ᠴᠢᠤᠸᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ | ᠲᠣᠬᠢᠷᠠᠭᠤᠯᠤᠯᠲᠠ ᠶᠢᠨ ᠲᠥᠰᠥᠯ ︵2022 – 2024 ᠣᠨ︶︾ ᠨᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠬᠠᠤᠯᠢ︾ ᠪᠠ ︽︿ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ﹀ ᠶᠢ ᠳᠠᠷᠤᠮᠠᠯᠯᠠᠨ | ᠶᠠᠪᠤᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠣᠭᠲᠠᠭᠠᠯ ︹2023 ︺ 7 ᠳ᠋ᠤᠭᠠᠷ ᠲᠣᠭᠠᠲᠤ︶ | ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠶᠢ | ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠵᠦ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠳᠤ ᠨᠡᠶᠢᠴᠡᠵᠦ ᠪᠠᠶᠢᠨ᠎ᠠ᠃ ᠡᠶᠢᠨ ᠬᠦ ︽ᠭᠦᠬᠡᠬᠤᠲᠠ ᠶᠢᠨ | ᠢᠦᠢ ᠴᠢᠤᠸᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 | – 2024 ᠣᠨ︶︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠲᠦᠭᠡᠢ᠃ | | | 2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |