ᠢᠷᠡᠬᠦ ᠵᠢᠯ ᠤᠨ 1 ᠰᠠᠷ᠎ᠠ ᠶᠢᠨ 1 ᠤ ᠡᠳᠦᠷ ᠠᠴᠠ ᠬᠥᠬᠡᠬᠤᠲᠠ ᠶᠢᠨ ᠮᠤᠵᠢ ᠠᠯᠤᠰᠯᠠᠨ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠡᠰᠦᠯᠦᠨ ᠪᠤᠳᠤᠬᠤ ᠠᠵᠢᠯ ᠳᠤ ᠬᠤᠪᠢᠷᠠᠯᠲᠠ ᠭᠠᠷᠤᠨ᠎ᠠ︕
ᠨᠡᠶᠢᠲᠡᠯᠡᠭᠰᠡᠨ ᠴᠠᠭ᠄
2024/12/24
     ᠬᠥᠬᠡᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠡ᠂ ᠢᠷᠡᠬᠦ ᠵᠢᠯ ᠤᠨ 1 ᠰᠠᠷ᠎ᠠ ᠶᠢᠨ 1 ᠤ ᠡᠳᠦᠷ᠂ ᠬᠥᠬᠡᠬᠤᠲᠠ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠬᠠᠮᠢᠶᠠᠷᠤᠯᠲᠠ ᠶᠢᠨ ᠤᠶᠢᠯᠡᠴᠢᠯᠡᠭᠡ ᠶᠢ ᠤᠯᠠᠮ ᠴᠢᠩᠭᠠᠳᠬᠠᠵᠤ᠂ ᠡᠯ᠎ᠡ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦ‍‌ᠵᠴᠡᠳᠬᠡᠬᠦ ᠪᠠᠶᠢᠭᠤᠯᠤᠮᠵᠢ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳᠠᠩᠰᠠᠯᠠᠭᠤᠯᠬᠤ ᠮᠠᠲ᠋ᠧᠷᠢᠶᠠᠯ ᠢ ᠬᠢᠨᠠᠨ ᠬᠠᠷᠭᠤᠭᠤᠯᠬᠤ ᠪᠠᠨ ᠴᠢᠩᠭᠠᠳᠬᠠᠵᠤ᠂ ᠰᠦᠯᠵᠢᠶᠡᠨ ᠭᠠᠳᠠᠨ᠎ᠠ ᠳᠠᠩᠰᠠᠯᠠᠭᠤᠯᠤᠭᠰᠠᠨ ᠪᠠᠶᠢᠪᠠᠯ ᠴᠠᠭ ᠲᠤᠬᠠᠶ ᠳᠤᠨᠢ ᠭᠦ‍‌ᠵᠴᠡᠳᠬᠡᠵᠦ᠂ ᠰᠦᠯᠵᠢᠶᠡᠨ ᠳᠡᠭᠡᠷ᠎ᠡ ᠳᠠᠩᠰᠠᠯᠠᠭᠤᠯᠤᠭᠰᠠᠨ ᠪᠠᠶᠢᠪᠠᠯ 2 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠬᠤ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠪᠤᠯᠤᠨ᠎ᠠ᠃
ᠢᠷᠡᠯᠲᠡ᠄ ᠠᠷᠠᠳ ᠤᠨ ᠰᠦᠯᠵᠢᠶ᠎ᠡ