2024 ᠣᠨ ᠤ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠲᠠᠰᠢᠷᠠᠮ ᠳᠤ᠂ ᠨᠠᠮ ᠤᠨ ᠳᠣᠲᠣᠭᠠᠳᠤ ᠶᠢᠨ ᠵᠣᠷᠢᠭᠵᠢᠭᠤᠯᠬᠤ᠂ ᠬᠠᠯᠠᠮᠵᠢᠯᠠᠬᠤ᠂ ᠬᠠᠪᠰᠤᠷᠤᠨ | ᠲᠡᠳᠬᠦᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠨᠠᠮ ᠤᠨ ᠭᠡᠰᠢᠭᠦᠨ ᠢ ᠬᠠᠶᠢᠷᠠᠯᠠᠨ ᠬᠠᠯᠠᠮᠵᠢᠯᠠᠬᠤ ᠶᠢᠨ | ᠲᠥᠯᠥᠭᠡ᠂ ᠡᠷᠭᠦᠨ᠎ᠡ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠢᠳᠡᠪᠬᠢᠲᠡᠶ ᠬᠥᠳᠡᠯᠦᠯᠴᠡᠵᠦ᠂ ᠪᠣᠳᠠᠲᠠᠶ ᠠᠵᠢᠯᠯᠠᠭ᠎ᠠ ᠪᠠᠷ ᠢᠶᠠᠨ ᠵᠣᠬᠢᠶᠠᠨ | ᠪᠠᠶᠢᠭᠤᠯᠤᠯᠲᠠ ᠶᠢᠨ ᠬᠠᠯᠠᠮᠵᠢᠯᠠᠯ ᠢ ᠳᠠᠮᠵᠢᠭᠤᠯᠵᠠᠶ᠃ | | | | 12 ᠰᠠᠷ᠎ᠠ ᠶᠢᠨ 23 ᠤ ᠦᠳᠡ ᠶᠢᠨ ᠡᠮᠦᠨ᠎ᠡ᠂ ᠨᠠᠮ ᠤᠨ ᠠᠵᠢᠯᠯᠠᠬᠤ ᠺᠤᠮᠢᠰ ᠤᠨ ᠳᠡᠳ᠋ ᠱᠦᠵᠢ ᠯᠢ ᠴᠤᠤ ᠬᠦᠴᠢᠷᠳᠡᠯᠲᠡᠶ ᠨᠠᠮ ᠤᠨ ᠭᠡᠰᠢᠭᠦᠨ ᠤ | ᠠᠵᠢᠯᠯᠠᠵᠤ ᠪᠠᠶᠢᠭ᠎ᠠ ᠭᠠᠵᠠᠷ ᠲᠤ ᠬᠦᠷᠴᠦ᠂ ᠲᠡᠳᠡᠨ ᠲᠠᠢ ᠳᠤᠲᠤᠨᠤᠰᠤᠭ ᠶᠠᠷᠢᠯᠴᠠᠪᠠ᠃ ᠲᠡᠳᠡᠨ ᠤ ᠭᠡᠷ ᠪᠦᠯᠢ ᠶᠢᠨ ᠪᠠᠶᠢᠳᠠᠯ ᠪᠣᠯᠤᠨ ᠲᠤᠯᠭᠠᠷᠠᠵᠤ ᠪᠠᠶᠢᠭ᠎ᠠ ᠬᠦᠴᠢᠷ | ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠪᠤᠯᠭᠤᠭᠠᠨ ᠦᠵᠡᠬᠦ ᠮᠥᠩᠭᠦ ᠬᠦᠷᠭᠡᠪᠡ᠃ ᠬᠦᠴᠢᠷᠳᠡᠯᠲᠡᠢ ᠨᠠᠮ ᠤᠨ ᠭᠡᠰᠢᠭᠦᠨ ᠢ ᠪᠠᠶᠠᠰᠤᠩᠭᠤᠢ ᠢᠳᠡᠪᠬᠢᠲᠡᠢ | ᠣᠪᠣᠷ ᠢᠶᠠᠷ ᠠᠮᠢᠳᠤᠷᠠᠯ ᠳᠤ ᠬᠠᠨᠳᠤᠨ᠂ ᠠᠵᠢᠯ ᠦᠢᠯᠡᠰ ᠢᠶᠠᠨ ᠬᠦᠨᠳᠦᠳᠭᠡᠬᠦ ᠶᠢ ᠵᠤᠷᠢᠭᠵᠢᠭᠤᠯᠪᠠ᠃ ᠢᠩᠭᠢᠭᠡᠳ᠂ ᠨᠠᠮ ᠤᠨ ᠭᠡᠰᠢᠭᠦᠨ ᠳᠤ ᠵᠣᠬᠢᠶᠠᠨ | ᠪᠠᠶᠢᠭᠤᠯᠤᠯᠲᠠ ᠶᠢᠨ ᠬᠠᠶᠢᠷ᠎ᠠ ᠬᠠᠯᠠᠮᠵᠢᠯᠠᠯ ᠢ ᠬᠦᠷᠲᠡᠭᠡᠪᠡ ᠃ |