ᠪᠦᠬᠦ ᠬᠤᠲᠠ ᠶᠢᠨ ᠰᠦᠷᠢᠶ᠎ᠡ ᠡᠪᠡᠳᠴᠢᠨ ᠪᠠ ᠪᠷᠦ᠋ᠼᠧᠯ ᠡᠪᠡᠳᠴᠢᠨ ︵ ᠮᠠᠯ ᠤᠨ ᠭᠡᠷᠦᠬᠦ ᠡᠪᠡᠳᠴᠢᠨ︶ ᠢ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ | ᠠᠯᠬᠤᠮ ᠴᠢᠩᠭᠠᠳᠬᠠᠨ᠂ ᠰᠦᠷᠢᠶ᠎ᠡ ᠡᠪᠡᠳᠴᠢᠨ ᠪᠠ ᠪᠷᠦ᠋ᠼᠧᠯ ᠡᠪᠡᠳᠴᠢᠨ ︵ ᠮᠠᠯ ᠤᠨ ᠭᠡᠷᠦᠬᠦ ᠡᠪᠡᠳᠴᠢᠨ︶ ᠤ ᠡᠭᠦᠳᠡᠨ ᠡᠮᠨᠡᠯᠭᠡ ᠶᠢᠨ ᠡᠮᠴᠢ ᠶᠢᠨ | ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠠᠮᠢᠶᠠᠷᠤᠯᠲᠠ ᠶᠢᠨ ᠴᠢᠳᠠᠪᠤᠷᠢ ᠶᠢ ᠠᠬᠢᠭᠤᠯᠵᠤ᠂ ᠪᠥᠬᠦ ᠬᠤᠲᠠ ᠶᠢᠨ ᠰᠦᠷᠢᠶ᠎ᠡ ᠡᠪᠡᠳᠴᠢᠨ ᠪᠠ ᠪᠷᠦ᠋ᠼᠧᠯ ᠡᠪᠡᠳᠴᠢᠨ | ︵ ᠮᠠᠯ ᠤᠨ ᠭᠡᠷᠦᠬᠦ ᠡᠪᠡᠳᠴᠢᠨ︶ ᠤ ᠠᠵᠢᠯ ᠤᠨ ᠴᠢᠨᠠᠷ ᠴᠢᠨᠰᠠᠭ᠎ᠠ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ 12 ᠳ᠋ᠤᠭᠠᠷ | ᠰᠠᠷ᠎ᠠ ᠶᠢᠨ 19 ᠤ ᠡᠳᠦᠷ ᠂ ᠡᠷᠭᠦᠨ᠎ᠡ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠥᠪ ᠬᠤᠯᠪᠤᠭᠠᠯᠠᠨ᠂ ᠰᠦᠷᠢᠶ᠎ᠡ ᠡᠪᠡᠳᠴᠢᠨ᠂ ᠪᠷᠦ᠋ᠼᠧᠯ ᠡᠪᠡᠳᠴᠢᠨ ︵ ᠮᠠᠯ ᠤᠨ ᠭᠡᠷᠦᠬᠦ ᠡᠪᠡᠳᠴᠢᠨ︶ ᠵᠡᠷᠭᠡ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠡᠵᠡᠮᠳᠡᠬᠦ ᠮᠡᠷᠭᠡᠵᠢᠯ ᠤᠨ ᠪᠤᠯᠪᠠᠰᠤᠷᠠᠯ ᠤᠨ ᠬᠤᠷᠠᠯ ᠢ ᠡᠷᠭᠢᠯᠡᠪᠡ᠃ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠭ᠎ᠠ ᠨᠢᠭᠡᠴᠡ ᠶᠢᠨ 25 | ᠬᠥᠮᠦᠨ ᠲᠣᠰ ᠤᠳᠠᠭᠠᠨ ᠤ ᠪᠤᠯᠪᠠᠰᠤᠷᠠᠯ ᠳᠤ ᠣᠷᠣᠯᠴᠠᠵᠠᠶ᠃ | | | | ᠪᠣᠯᠪᠠᠰᠤᠷᠠᠯ ᠳᠡᠭᠡᠷ᠎ᠡ ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠲᠠᠰᠤᠭ ᠤᠨ ᠬᠠᠮᠢᠶ᠎ᠠ | ᠪᠥᠬᠦᠶ ᠬᠠᠷᠢᠭᠤᠴᠠᠯᠭᠠᠲᠠᠨ ᠪᠷᠦ᠋ᠼᠧᠯ ᠪᠠᠺᠲ᠋ᠧᠷᠢ ᠶᠢᠨ ᠡᠪᠡᠳᠴᠢᠨ ᠢ ᠣᠨᠣᠰᠢᠯᠠᠨ ᠡᠮᠨᠡᠬᠦ ᠲᠥᠰᠦᠯ ︵2023︶ ᠂ 2024 — 2026 ᠣᠨ ᠤ | ᠬᠤᠭᠤᠷᠤᠨᠳᠤᠬᠢ ᠡᠷᠭᠦᠨ᠎ᠡ ᠬᠤᠲᠠ ᠶᠢᠨ ᠪᠷᠦ᠋ᠼᠧᠯ ᠡᠪᠡᠳᠴᠢᠨ ︵ ᠮᠠᠯ ᠤᠨ ᠭᠡᠷᠦᠬᠦ ᠡᠪᠡᠳᠴᠢᠨ︶ ᠤ ᠬᠠᠮᠢᠶᠠᠷᠤᠯᠲᠠ ᠶᠢᠨ ᠶᠠᠪᠤᠴᠠ ᠂ ᠡᠷᠭᠦᠨ᠎ᠡ ᠬᠤᠲᠠ ᠶᠢᠨ | ᠰᠦᠷᠢᠶ᠎ᠡ ᠡᠪᠡᠳᠴᠢᠨ ᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠵᠡᠷᠭᠡ ᠠᠭᠤᠯᠭ᠎ᠠ ᠶᠢ ᠲᠠᠶᠢᠯᠪᠤᠷᠢᠯᠠᠪᠠ᠃ ᠲᠡᠷᠡ ᠮᠦᠷᠲᠡᠭᠡᠨ 2025 ᠣᠨ ᠤ ᠰᠦᠷᠢᠶ᠎ᠡ | ᠡᠪᠡᠳᠴᠢᠨ᠂ ᠪᠷᠦ᠋ᠼᠧᠯ ᠡᠪᠡᠳᠴᠢᠨ ︵ ᠮᠠᠯ ᠤᠨ ᠭᠡᠷᠦᠬᠦ ᠡᠪᠡᠳᠴᠢᠨ︶ ᠤ ᠠᠵᠢᠯ ᠳᠤ ᠱᠠᠭᠠᠷᠳᠠᠯᠭ᠎ᠠ ᠳᠤᠷᠠᠳᠪᠠ᠃ | | | | ᠲᠣᠰ ᠤᠳᠠᠭᠠᠨ ᠤ ᠪᠣᠯᠪᠠᠰᠤᠷᠠᠯ ᠢᠶᠠᠷ ᠳᠠᠮᠵᠢᠭᠠᠳ ᠂ ᠡᠯ᠎ᠡ ᠡᠮᠴᠢᠯᠡᠭᠡᠨ ᠤ ᠪᠠᠶᠢᠭᠤᠯᠭ᠎ᠠ ᠨᠢᠭᠡᠴᠡ ᠰᠦᠷᠢᠶ᠎ᠡ ᠡᠪᠡᠳᠴᠢᠨ᠂ ᠪᠷᠦ᠋ᠼᠧᠯ ᠡᠪᠡᠳᠴᠢᠨ ︵ ᠮᠠᠯ ᠤᠨ | ᠭᠡᠷᠦᠬᠦ ᠡᠪᠡᠳᠴᠢᠨ︶ ᠢ ᠤᠯᠠᠮ ᠴᠢᠬᠤᠯᠠᠴᠢᠯᠠᠨ ᠦᠵᠡᠪᠡ᠃ ᠪᠠᠰᠠ ᠮᠠᠨ ᠤ ᠬᠤᠲᠠ ᠶᠢᠨ ᠡᠯ᠎ᠡ ᠡᠮᠴᠢᠯᠡᠭᠡᠨ ᠤ ᠪᠠᠶᠢᠭᠤᠯᠭ᠎ᠠ ᠨᠢᠭᠡᠴᠡ ᠶᠢᠨ ᠰᠦᠷᠢᠶ᠎ᠡ ᠡᠪᠡᠳᠴᠢᠨ᠂ | ᠪᠷᠦ᠋ᠼᠧᠯ ᠡᠪᠡᠳᠴᠢᠨ ︵ ᠮᠠᠯ ᠤᠨ ᠭᠡᠷᠦᠬᠦ ᠡᠪᠡᠳᠴᠢᠨ︶ ᠲᠠᠢ ᠡᠪᠡᠳᠴᠢᠲᠡᠨ ᠢ ᠵᠢᠷᠤᠮᠵᠢᠭᠤᠯᠤᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠵᠦ᠂ ᠬᠤᠶᠢᠰᠢᠳᠠ ᠶᠢᠨ | ᠰᠦᠷᠢᠶ᠎ᠡ ᠡᠪᠡᠳᠴᠢᠨ᠂ ᠪᠷᠦ᠋ᠼᠧᠯ ᠡᠪᠡᠳᠴᠢᠨ ︵ ᠮᠠᠯ ᠤᠨ ᠭᠡᠷᠦᠬᠦ ᠡᠪᠡᠳᠴᠢᠨ︶ ᠤ ᠠᠵᠢᠯ ᠳᠤ ᠰᠠᠭᠤᠷᠢ ᠶᠢ ᠲᠠᠯᠪᠢᠪᠠ ᠃ |