ᠡᠷᠭᠦᠨ᠎ᠡ ᠬᠤᠲᠠ ᠶᠢᠨ ᠶᠡᠷᠦᠩᠬᠡᠶ ᠠᠵᠢᠯᠴᠢᠨ ᠤ ᠡᠪᠯᠡᠯ ᠡᠪᠦᠯ ᠤᠨ ᠤᠯᠠᠷᠢᠯ ᠤᠨ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/26
     ᠡᠷᠭᠦᠨ᠎ᠡ ᠬᠤᠳᠠ ᠴᠠᠯᠢᠩ ᠥᠷᠢᠲᠦᠬᠦ ᠶᠢ ᠲᠤᠶᠢᠯᠪᠤᠷᠢᠲᠠᠢ ᠴᠡᠭᠴᠡᠯᠡᠨ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠵᠤᠷᠢᠭᠲᠠᠢ ᠡᠭᠦᠷᠭᠡᠯᠡᠵᠦ᠂ ᠴᠠᠯᠢᠩ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠠᠵᠢᠯ ᠢ ᠴᠢᠩᠭ᠎ᠠ ᠠᠳᠬᠤᠪᠠ᠃ 12 ᠰᠠᠷ᠎ᠠ ᠶᠢᠨ 18 ᠤ ᠡᠳᠦᠷ᠂ ᠡᠷᠭᠦᠨ᠎ᠡ ᠬᠤᠲᠠ ᠶᠢᠨ ᠶᠡᠷᠦᠩᠬᠡᠶ ᠠᠵᠢᠯᠴᠢᠨ ᠤ ᠡᠪᠯᠡᠯ ᠪᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠬᠠᠮᠲᠤᠷᠠᠨ ᠂ ᠡᠪᠦᠯ ᠤᠨ ᠤᠯᠠᠷᠢᠯ ᠤᠨ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠪᠡ᠃
          工会1.jpg
     ᠲᠣᠰ ᠤᠳᠠᠭᠠᠨ ᠤ ᠲᠤᠰᠬᠠᠶ ᠠᠵᠢᠯᠯᠠᠭ᠎ᠠ ᠨᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ᠂ ᠢᠯᠠᠩᠭᠤᠶ᠎ᠠ ᠵᠠᠰᠠᠭ ᠤᠨ ᠣᠷᠳᠣᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠥᠷᠥᠯ ᠵᠦᠢᠯ ᠢᠶᠠᠷ ᠭᠤᠤᠯᠳᠠᠯᠭ᠎ᠠ ᠪᠤᠯᠭᠠᠪᠠ᠃ ᠡᠬᠢ ᠡᠭᠦᠰᠦᠯ ᠠᠴᠠ ᠨᠢ ᠵᠠᠰᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠴᠢᠩᠭ᠎ᠠ ᠰᠢᠢᠳᠭᠡᠬᠦ ᠂ ᠦᠨᠳᠦᠰᠦᠨ ᠵᠦᠢᠯ ᠢ ᠪᠠᠲᠤᠯᠠᠬᠤ ᠳᠡᠭᠡᠷ᠎ᠡ ᠬᠦᠴᠦ ᠲᠠᠯᠪᠢᠪᠠ᠃ ᠬᠦᠴᠦ ᠶᠠᠪᠤᠭᠰᠠᠳ ᠤᠨ ᠴᠠᠯᠢᠩ ᠢ ᠥᠭᠬᠦ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠰᠠᠶᠢᠲᠤᠷ ᠬᠢᠪᠡ᠃
         工会2.jpg
     ᠲᠣᠰ ᠤᠳᠠᠭᠠᠨ ᠤ ᠲᠤᠰᠬᠠᠶ ᠠᠵᠢᠯᠯᠠᠭ᠎ᠠ ᠨᠢ ᠠᠵᠤ ᠠᠬᠤᠶᠢᠯᠠᠯ ᠤᠨ ᠬᠠᠤᠯᠢ ᠶᠢ ᠬᠦᠨᠳᠦᠳᠬᠡᠬᠦ᠂ ᠬᠠᠤᠯᠢ ᠶᠢ ᠰᠠᠬᠢᠬᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠬᠦᠴᠦ ᠶᠠᠪᠤᠭᠰᠠᠳ ᠤᠨ ᠬᠠᠤᠯᠢ ᠶᠢ ᠣᠶᠢᠯᠠᠭᠠᠬᠤ᠂ ᠬᠠᠤᠯᠢ ᠶᠢ ᠬᠡᠷᠡᠭᠯᠡᠬᠦ ᠣᠶᠢᠯᠠᠭᠠᠭᠳᠠᠬᠤᠨ ᠢ ᠴᠢᠩᠭᠠᠷᠠᠭᠤᠯᠵᠤ᠂ ᠠᠵᠢᠯᠲᠠᠨ ᠠᠵᠢᠯᠴᠢᠨ ᠤ ᠡᠩᠨᠡᠭᠡ ᠶᠢᠨ ᠲᠣᠭᠲᠠᠭᠤᠨ ᠪᠠᠶᠢᠳᠠᠯ ᠢ ᠪᠦᠲᠦᠮᠵᠢᠲᠡᠶ ᠬᠠᠮᠠᠭᠠᠯᠠᠪᠠ ᠃ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ᠂ ᠠᠵᠢᠯᠲᠠᠨ ᠠᠵᠢᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ