ᠡᠷᠭᠦᠨ᠎ᠡ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠡᠪᠦᠯ ᠤᠨ ᠤᠯᠠᠷᠢᠯ ᠤᠨ ᠵᠤᠭᠠᠴᠠᠯ ᠤᠨ ᠲᠦᠷᠦᠯ ᠵᠦᠢᠯ ᠤᠨ ᠠᠶᠤᠯᠭᠦᠢ ᠦᠢᠯᠡᠳᠪᠦᠷᠢᠯᠡᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2024/12/26
     12 ᠰᠠᠷ᠎ᠠ ᠶᠢᠨ 17 ᠤ ᠡᠳᠦᠷ ᠂ ᠬᠥᠯᠥᠨ ᠪᠤᠶᠢᠷ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠬᠤᠷᠠᠯ ᠵᠢᠴᠢ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠮᠤᠷ ᠲᠦᠪᠰᠢᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠡᠪᠦᠯ ᠤᠨ ᠤᠯᠠᠷᠢᠯ ᠤᠨ ᠵᠢᠭᠤᠯᠴᠢᠯᠠᠯ᠂ ᠣᠯᠠᠨ ᠨᠡᠶᠢᠲᠡ ᠶᠢᠨ ᠮᠥᠰᠥ ᠴᠠᠰᠤᠨ ᠤ ᠠᠵᠢᠯᠯᠠᠭ᠎ᠠ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠦᠯᠦᠭᠡ ᠂ 12 ᠰᠠᠷ᠎ᠠ ᠶᠢᠨ 18 ᠤ ᠡᠳᠦᠷ ᠂ ᠡᠷᠭᠦᠨ᠎ᠡ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠠᠴᠠ ᠰᠣᠶᠣᠯ ᠵᠢᠭᠤᠯᠴᠢᠯᠠᠯ᠂ ᠪᠠᠴᠢᠮ ᠪᠠᠶᠢᠳᠠᠯ ᠢ ᠠᠷᠭᠠᠴᠠᠭᠠᠬᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠭᠠᠯ ᠤᠨᠲᠠᠷᠠᠭᠠᠬᠤ᠂ ᠴᠠᠬᠢᠯᠭᠠᠨ ᠬᠦᠴᠦᠨ ᠤ ᠺᠣᠮᠫᠠᠨᠢ ᠵᠡᠷᠭᠡ ᠪᠠᠶᠢᠭᠤᠯᠭ᠎ᠠ ᠨᠢᠭᠡᠴᠡ ᠶᠢ ᠵᠣᠬᠢᠶᠠᠨ ᠪᠠᠶᠢᠭᠤᠯᠵᠤ᠂ ᠡᠷᠭᠦᠨ᠎ᠡ ᠬᠤᠲᠠ ᠶᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠣᠷᠣᠰ ᠤᠨ ᠬᠢᠯᠢ ᠶᠢᠨ ᠭᠤᠤᠯ ᠤᠨ ᠮᠥᠰᠥᠨ ᠴᠦᠮᠦᠯᠦᠨ ᠵᠢᠭᠠᠰᠤ ᠭᠥᠬᠢᠳᠡᠬᠦ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠬᠦᠷᠴᠦ᠂ ᠠᠶᠤᠯᠭᠦᠶ ᠦᠢᠯᠡᠳᠪᠦᠷᠢᠯᠡᠯ ᠢ ᠪᠠᠶᠢᠴᠠᠭᠠᠨ ᠵᠢᠯᠤᠭᠤᠳᠪᠠ ᠃
               安全1.jpg
     ᠪᠠᠶᠢᠴᠠᠭᠠᠬᠤ ᠳᠤᠭᠤᠶᠢᠯᠠᠩ ᠮᠥᠰᠥᠨ ᠴᠦᠮᠦᠯᠦᠨ ᠵᠢᠭᠠᠰᠤ ᠭᠥᠬᠢᠳᠡᠬᠦ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠤᠨ ᠴᠠᠬᠢᠯᠭᠠᠨ ᠬᠦᠴᠦᠨ ᠤ ᠲᠥᠬᠦᠭᠡᠷᠦᠮᠵᠢ᠂ ᠵᠤᠭ᠎ᠠ ᠴᠡᠩᠭᠡᠯ ᠤᠨ ᠲᠥᠬᠦᠭᠡᠷᠦᠮᠵᠢ᠂ ᠭᠠᠯ ᠤᠨᠲᠠᠷᠠᠭᠠᠬᠤ ᠠᠮᠤᠷ ᠲᠦᠪᠰᠢᠨ᠂ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠤ ᠰᠡᠷᠡᠮᠵᠢᠯᠡᠭᠦᠯᠦᠯ ᠵᠢᠴᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠵᠡᠷᠭᠡ ᠶᠢ ᠭᠤᠣᠯᠳᠠᠯᠭ᠎ᠠ ᠲᠠᠢ ᠬᠢᠨᠠᠨ ᠪᠠᠶᠢᠴᠠᠭᠠᠪᠠ᠃ ᠲᠤᠰ ᠠᠵᠢᠯᠯᠠᠭ᠎ᠠ ᠶᠢ ᠡᠷᠭᠢᠯᠡᠭᠰᠡᠨ ᠪᠠᠶᠢᠭᠤᠯᠭ᠎ᠠ ᠨᠢᠭᠡᠴᠡ  ᠡᠷᠬᠡᠪᠰᠢ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠭᠡᠵᠦ᠂ ᠠᠮᠤᠷ ᠲᠦᠪᠰᠢᠨ ᠢ ᠲᠣᠭᠤᠷᠢᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠨ᠎ᠡ᠃ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠦᠲᠦᠮᠵᠢᠲᠡᠶ ᠬᠡᠷᠡᠭᠵᠢᠭᠦᠯᠬᠦ ᠶᠢ ᠦᠨᠡᠨᠬᠦ ᠪᠠᠲᠤᠯᠠᠵᠤ᠂ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃
             安全2.jpg
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ