ᠡᠷᠭᠦᠨ᠎ᠡ ᠬᠤᠳᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠮᠡᠳᠡᠯᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/12/26
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠂ ᠨᠠᠮ ᠤᠨ ᠲᠦᠷᠢᠮ᠂ ᠨᠠᠮ ᠤᠨ ᠰᠠᠬᠢᠯᠭ᠎ᠠ ᠪᠠᠲᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠶᠢ ᠪᠦᠲᠦᠮᠵᠢᠲᠡᠢ ᠠᠬᠢᠭᠤᠯᠵᠤ᠂ ᠨᠠᠮ ᠤᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠨ᠂ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠲᠤᠬᠠᠢ ᠮᠡᠳᠡᠯᠭᠡ ᠶᠢ ᠪᠠᠶᠠᠯᠢᠭᠵᠢᠭᠤᠯᠤᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠣᠯᠤᠨ ᠳᠠᠶᠢᠴᠢᠯᠠᠬᠤ ᠬᠦᠴᠦᠨ ᠢ ᠴᠢᠩᠭᠠᠳᠬᠠᠬᠤ ᠶᠢᠨ ᠲᠦᠯᠦᠭᠡ᠂ 12 ᠰᠠᠷ᠎ᠠ ᠶᠢᠨ 16 ᠤ ᠡᠳᠦᠷ᠂ ᠡᠷᠭᠦᠨ᠎ᠡ ᠬᠤᠳᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠶᠡᠷᠦᠩᠬᠡᠢ ᠨᠠᠮ ᠤᠨ ᠡᠭᠦᠷ ᠨᠠᠮ ᠤᠨ ᠪᠠᠶᠢᠭᠤᠯᠤᠯᠲᠠ ᠶᠢᠨ ᠮᠡᠳᠡᠯᠭᠡ ᠶᠢᠨ ᠤᠷᠤᠯᠳᠤᠭᠠᠨ ᠶᠠᠪᠤᠭᠤᠯᠵᠠᠢ᠃
        中蒙1.jpg
     ᠲᠤᠰ ᠤᠳᠠᠭᠠᠨ ᠤ ᠤᠷᠤᠯᠳᠤᠭᠠᠨ ᠨᠢ ᠡᠮᠨᠡᠯᠭᠡ ᠶᠢᠨ ᠬᠤᠷᠢᠶᠠᠨ ᠤ ᠡᠯ᠎ᠡ ᠨᠠᠮ ᠤᠨ ᠡᠭᠦᠷ ᠤᠨ ᠠᠩᠬᠠᠷᠤᠯ ᠢ ᠲᠠᠲᠠᠵᠤ᠂ ᠪᠦᠬᠦ ᠡᠮᠨᠡᠯᠭᠡ ᠶᠢᠨ ᠬᠤᠷᠢᠶᠠᠨ ᠤ ᠬᠡᠪᠴᠢᠶᠡᠨ ᠳᠤ ᠨᠠᠮ ᠤᠨ ᠪᠠᠶᠢᠭᠤᠯᠤᠯᠲᠠ ᠶᠢᠨ ᠮᠡᠳᠡᠯᠭᠡ ᠶᠢ ᠰᠤᠷᠤᠯᠴᠠᠬᠤ ᠬᠠᠯᠠᠭᠤᠨ ᠥᠷᠨᠢᠯᠲᠡ ᠭᠠᠷᠭᠠᠪᠠ᠃ ᠮᠡᠳᠡᠯᠭᠡ ᠶᠢᠨ ᠤᠷᠤᠯᠳᠤᠭᠠᠨ ᠳᠤ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠲᠦᠭᠰᠢᠭᠦᠷᠢᠲᠡᠢ ᠰᠡᠳᠦᠪ ᠵᠡᠷᠭᠡ ᠪᠠᠶᠢᠪᠠ᠃ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠤᠷᠤᠯᠳᠤᠭᠠᠨ ᠳᠤ ᠣᠷᠣᠯᠴᠠᠬᠤ ᠨᠠᠮ ᠤᠨ ᠭᠡᠰᠢᠭᠦᠨ ᠤ ᠬᠠᠮᠢᠶ᠎ᠠ ᠪᠥᠬᠦᠶ ᠮᠡᠳᠡᠯᠭᠡ ᠶᠢ ᠡᠵᠡᠮᠰᠢᠭᠰᠡᠨ ᠬᠡᠮᠵᠢᠶ᠎ᠡ ᠪᠠ ᠬᠡᠷᠡᠭᠯᠡᠬᠦ ᠴᠢᠳᠠᠪᠤᠷᠢ ᠶᠢ ᠪᠥᠬᠦ ᠲᠠᠯ᠎ᠠ ᠪᠠᠷ ᠰᠢᠯᠭᠠᠨ ᠪᠠᠶᠢᠴᠠᠭᠠᠪᠠ᠃
      中蒙2.jpg
     ᠤᠷᠤᠯᠳᠤᠭᠠᠨ ᠤ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠤᠷᠤᠯᠳᠤᠭᠠᠨ ᠳᠤ ᠣᠷᠣᠯᠴᠠᠬᠤ ᠡᠯ᠎ᠡ ᠠᠩᠭᠢ ᠶᠢᠨ ᠪᠡᠯᠡᠳᠬᠡᠯ ᠭᠦᠢᠴᠡᠳ ᠪᠠᠶᠢᠪᠠ᠃   
      中蒙3.jpg
     ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠢ ᠠᠮᠵᠢᠯᠲᠠ ᠲᠠᠢ ᠡᠷᠭᠢᠯᠡᠭᠰᠡᠨ ᠨᠢ ᠡᠮᠨᠡᠯᠭᠡ ᠶᠢᠨ ᠬᠤᠷᠢᠶᠠᠨ  ᠳᠤ ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠵᠤ᠂ ᠨᠠᠮ ᠤᠨ ᠭᠡᠰᠢᠭᠦᠳ ᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠲᠦᠷᠢᠮ ᠨᠠᠮ ᠤᠨ ᠰᠠᠬᠢᠯᠭ᠎ᠠ ᠪᠠᠲᠤ ᠶᠢᠨ ᠠᠭᠤᠯᠤᠭᠳᠠᠬᠤᠨ ᠢ ᠨᠠᠩ ᠭᠦᠨᠵᠡᠭᠡᠶ ᠣᠶᠢᠯᠠᠭᠠᠭᠤᠯᠤᠭᠰᠠᠨ ᠢᠶᠠᠷ ᠪᠠᠷᠠᠬᠤ ᠥᠬᠡᠶ ᠪᠠᠰᠠ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠯᠠᠬᠤ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠡᠮᠨᠡᠯᠭᠡ ᠶᠢᠨ ᠬᠤᠷᠢᠶᠠᠨ ᠤ ᠴᠢᠨᠠᠷᠯᠢᠭ ᠬᠥᠭᠵᠢᠯᠲᠡ ᠳᠤ ᠬᠦᠴᠦᠲᠡᠶ ᠦᠵᠡᠯ ᠰᠠᠨᠠᠭᠠᠨ ᠤ ᠪᠠᠲᠤᠯᠠᠭ᠎ᠠ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃
      中蒙4.jpg
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ