ᠬᠦᠴᠢᠷᠳᠡᠯᠲᠡᠢ ᠬᠡᠤᠬᠡᠳ ᠪᠠᠭᠠᠴᠤᠳ ᠢ ᠬᠠᠶᠢᠷᠠᠯᠠᠨ ᠬᠠᠯᠠᠮᠵᠢᠯᠠᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠡᠷᠭᠦᠨ᠎ᠡ | ᠬᠤᠲᠠ ᠶᠢᠨ ᠸᠧᠶ ᠴᠧᠨ ᠰᠠᠶᠢᠨ ᠳᠤᠷ᠎ᠠ ᠶᠢᠨ ᠨᠡᠶᠢᠭᠡᠮᠯᠢᠭ ᠬᠠᠮᠢᠶ᠎ᠠ ᠪᠦᠬᠦᠢ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠰᠠᠶᠢᠨ ᠳᠤᠷᠠᠴᠤᠳ ᠪᠠ ᠰᠠᠶᠢᠨ | ᠳᠤᠷ᠎ᠠ ᠶᠢᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠲᠠᠯ᠎ᠠ ᠶᠢ ᠭᠦᠢᠴᠡᠳ ᠪᠠᠳᠠᠷᠠᠭᠤᠯᠪᠠ᠃ ᠬᠦᠴᠢᠷᠳᠡᠯᠲᠡᠢ ᠬᠡᠤᠬᠡᠳ ᠪᠠᠭᠠᠴᠤᠳ ᠤᠨ ᠬᠡᠷᠡᠭᠴᠡᠭᠡ | ᠱᠠᠭᠠᠷᠳᠠᠯᠭ᠎ᠠ ᠶᠢ ᠨᠠᠷᠢᠯᠢᠭ ᠤᠨᠤᠪᠴᠢᠲᠠᠢ ᠵᠣᠯᠭᠠᠭᠤᠯᠵᠤ ᠪᠠᠶᠢᠨ᠎ᠠ᠃ | | | | ᠰᠤᠷᠪᠤᠯᠵᠢᠯᠠᠬᠤ ᠶᠠᠪᠤᠴᠠ ᠳᠤ᠂ ᠰᠠᠶᠢᠨ ᠳᠤᠷᠠᠴᠤᠳ ᠬᠦᠴᠢᠷᠳᠡᠯᠲᠡᠢ ᠬᠡᠤᠬᠡᠳ ᠪᠠᠭᠠᠴᠤᠳ ᠤᠨ ᠬᠡᠷ ᠲᠤ ᠭᠦᠨᠵᠡᠭᠡᠶᠢᠷᠡᠵᠦ᠂ ᠲᠡᠳᠡᠨ ᠤ ᠬᠢᠨᠠᠨ | ᠬᠠᠮᠠᠭᠠᠯᠠᠭᠴᠢ ᠲᠠᠢ ᠶᠠᠷᠢᠯᠴᠠᠪᠠ ᠃ ᠬᠦᠴᠢᠷᠳᠡᠯᠲᠡᠢ ᠬᠡᠤᠬᠡᠳ ᠪᠠᠭᠠᠴᠤᠳ ᠤᠨ ᠡᠷᠡᠭᠦᠯ ᠮᠡᠨᠳᠦ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨᠡᠷ ᠤᠨ ᠠᠮᠢᠳᠤᠷᠠᠯ᠂ | ᠰᠤᠷᠤᠯᠭ᠎ᠠ᠂ ᠰᠤᠷᠭᠠᠨ ᠬᠥᠮᠦᠵᠢᠯ ᠵᠡᠷᠭᠡ ᠲᠠᠯ᠎ᠠ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠪᠡ᠃ ᠬᠦᠴᠢᠷᠳᠡᠯᠲᠡᠢ ᠬᠡᠤᠬᠡᠳ ᠪᠠᠭᠠᠴᠤᠳ ᠤᠨ ᠬᠡᠷ ᠲᠡᠭᠡᠨ ᠪᠠᠶᠢᠬᠤ ᠪᠠ | ᠰᠤᠷᠭᠠᠭᠤᠯᠢ ᠳᠤ ᠪᠠᠶᠢᠬᠤ ᠢᠯᠡᠷᠡᠯ ᠢ ᠨᠠᠷᠢᠨ ᠨᠢᠮᠪᠠᠶ ᠠᠰᠠᠭᠤᠨ ᠯᠠᠪᠯᠠᠪᠠ᠃ ᠲᠡᠳᠡᠨ ᠢ ᠵᠣᠷᠢᠭᠵᠢᠭᠤᠯᠤᠨ᠂ ᠵᠥᠪ ᠥᠷᠲᠡᠭ ᠤᠨ ᠦᠵᠡᠯᠲᠡ ᠶᠢ ᠪᠣᠶ ᠪᠣᠯᠭᠠᠵᠤ᠂ | ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠪᠡᠶ᠎ᠡ ᠪᠠᠨ ᠳᠠᠭᠠᠭᠠᠨ᠂ ᠪᠠᠶᠠᠰᠤᠩᠭᠤᠶ ᠢᠲᠡᠭᠡᠯ ᠲᠠᠢ ᠪᠠᠶᠢᠵᠤ᠂ ᠥᠭᠡᠳᠡᠯᠡᠨ ᠳᠠᠪᠰᠢᠬᠤ ᠪᠠᠷ ᠬᠦᠴᠦᠯᠡᠨ ᠴᠢᠷᠮᠠᠶᠢᠨ᠎ᠠ | ᠭᠡᠵᠡᠢ᠃ | | | | ᠲᠠᠷᠠᠭᠠᠴᠢ ᠶᠢᠨ ᠠᠯᠬᠤᠮ ᠳᠤ ᠂ ᠡᠷᠭᠦᠨ᠎ᠡ ᠬᠤᠲᠠ ᠬᠦᠴᠢᠷᠳᠡᠯᠲᠡᠢ ᠬᠡᠤᠬᠡᠳ ᠪᠠᠭᠠᠴᠤᠳ ᠢ ᠬᠠᠯᠠᠮᠵᠢᠯᠠᠨ ᠬᠠᠶᠢᠷᠠᠯᠠᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠬᠡᠤᠬᠡᠳ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠠᠴᠠ ᠭᠠᠷᠳᠠᠨ᠂ ᠰᠢᠯᠢᠳᠡᠭ ᠦᠢᠯᠡᠴᠢᠯᠡᠭᠡ ᠬᠠᠩᠭᠠᠵᠤ᠂ ᠬᠦᠴᠢᠷᠳᠡᠯᠲᠡᠢ ᠬᠡᠤᠬᠡᠳ ᠪᠠᠭᠠᠴᠤᠳ | ᠲᠤ ᠨᠠᠩ ᠪᠦᠲᠦᠮᠵᠢᠲᠡᠶ ᠬᠠᠪᠰᠤᠷᠤᠯᠭ᠎ᠠ ᠦᠵᠡᠭᠦᠯᠦᠨ᠎ᠡ ᠭᠡᠵᠡᠢ᠃ |