ᠳᠤᠮᠳᠠᠳᠤ ᠪᠠᠭ᠎ᠠ ᠰᠤᠷᠭᠠᠭᠤᠯᠢ ᠶᠢᠨ ᠬᠤᠭᠤᠯᠠᠨ ᠤ ᠰᠦᠢᠳᠬᠡᠯ ᠬᠤᠷᠢᠶᠠᠬᠤ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠰᠤᠷᠤᠭᠴᠢᠳ ᠤᠨ ᠬᠤᠭᠤᠯᠠᠯᠠᠬᠤ ᠪᠠᠷᠢᠮᠵᠢᠶ᠎ᠠ ᠶᠢ ᠪᠠᠲᠤᠯᠠᠪᠠ    
ᠨᠡᠶᠢᠲᠡᠯᠡᠭᠰᠡᠨ ᠴᠠᠭ᠄
2024/12/26
     ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ 12 ᠰᠠᠷ᠎ᠠ ᠶᠢᠨ 11 ᠤ ᠡᠳᠦᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠬᠤᠭᠤᠯᠠᠨ ᠤ ᠰᠦᠢᠳᠭᠡᠯ ᠬᠤᠷᠢᠶᠠᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠭᠤᠣᠯᠳᠠᠭᠤ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠬᠤᠭᠤᠯᠠᠨ ᠭᠡᠷ ᠤᠨ ᠬᠤᠭᠤᠯᠠ ᠬᠠᠩᠭᠠᠬᠤ ᠨᠥᠬᠦᠴᠡᠯ ᠢ ᠪᠦᠷᠢᠯᠳᠦᠭᠦᠯᠦᠭᠰᠡᠨ ᠳᠤᠮᠳᠠᠳᠤ ᠪᠠᠭ᠎ᠠ ᠰᠤᠷᠭᠠᠭᠤᠯᠢ ᠶᠢᠨ ᠲᠤᠭ᠎ᠠ ᠬᠡᠮᠵᠢᠶ᠎ᠡ᠂ ᠬᠤᠭᠤᠯᠠᠯᠠᠬᠤ ᠬᠡᠯᠪᠡᠷᠢ᠂ ᠬᠤᠭᠤᠯᠠᠨ ᠤ ᠰᠦᠢᠳᠬᠡᠯ ᠤᠨ ᠪᠠᠷᠢᠮᠵᠢᠶ᠎ᠠ ᠶᠢ ᠬᠠᠷᠢᠶ᠎ᠠ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠲᠤᠭ᠎ᠠ ᠬᠡᠮᠵᠢᠶ᠎ᠡ ᠳᠤ ᠴᠢᠭᠯᠡᠭᠦᠯᠦᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠤᠭᠤᠯᠠᠨ ᠤ ᠰᠦᠢᠳᠬᠡᠯ ᠤᠨ ᠪᠠᠷᠢᠮᠵᠢᠶ᠎ᠠ ᠶᠢᠨ ᠠᠷᠭ᠎ᠠ ᠮᠠᠶ᠋ᠢᠭ᠂ ᠬᠤᠭᠤᠯᠠᠨ ᠤ ᠰᠦᠢᠳᠬᠡᠯ ᠤᠨ ᠪᠠᠷᠢᠮᠵᠢᠶ᠎ᠠ ᠶᠢ ᠨᠡᠶᠢᠲᠡᠯᠡᠭᠰᠡᠨ ᠪᠠᠶᠢᠳᠠᠯ᠂ ᠭᠤᠣᠯ ᠪᠣᠯᠬᠤ ᠬᠤᠯᠢᠰᠢᠨ ᠢᠳᠡᠭᠡᠨ ᠤ ᠦᠨ᠎ᠡ ᠬᠠᠩᠰᠢ ᠶᠢᠨ ᠬᠢᠨᠠᠨ ᠬᠡᠮᠵᠢᠯᠲᠡ ᠶᠢ ᠲᠣᠭᠲᠠᠭᠠᠨ᠎ᠠ᠃ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠲᠡᠭᠦᠯᠳᠡᠷᠵᠢᠭᠦᠯᠦᠭᠰᠡᠨ ᠵᠡᠷᠭᠡ ᠪᠠᠶᠢᠳᠠᠯ ᠢ ᠪᠠᠭᠲᠠᠭᠠᠪᠠ᠃    ᠦᠷ᠎ᠡ ᠳ᠋ᠦᠩ ᠠᠴᠠ ᠦᠵᠡᠪᠡᠯ᠂ ᠣᠳᠣᠬᠠᠨ ᠳᠤ ᠮᠠᠨ ᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠨᠡᠶᠢᠲᠡ 15 ᠪᠤᠶ᠂ ᠬᠤᠭᠤᠯᠠᠨ ᠭᠡᠷ ᠤᠨ ᠬᠤᠭᠤᠯᠠ ᠬᠠᠩᠭᠠᠬᠤ ᠨᠥᠬᠦᠴᠡᠯ ᠢ ᠪᠦᠷᠢᠯᠳᠦᠭᠦᠯᠦᠭᠰᠡᠨ ᠳᠤᠮᠳᠠᠳᠤ ᠪᠠᠭ᠎ᠠ ᠰᠤᠷᠭᠠᠭᠤᠯᠢ ᠶᠢᠨ ᠲᠤᠭ᠎ᠠ ᠨᠢ 6 ᠪᠠᠶᠢᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠤᠭᠤᠯᠠᠨ ᠤ ᠵᠠᠷᠤᠳᠠᠯ ᠤᠨ ᠪᠠᠷᠢᠮᠵᠢᠶ᠎ᠠ ᠶᠢ ᠴᠥᠮ ᠰᠤᠷᠭᠠᠭᠤᠯᠢ ᠶᠢᠨ ᠪᠠᠶᠢᠭᠤᠯᠤᠭᠰᠠᠨ ᠬᠤᠭᠤᠯᠠᠨ ᠤ ᠵᠠᠷᠤᠳᠠᠯ ᠤᠨ ᠪᠠᠷᠢᠮᠵᠢᠶ᠎ᠠ ᠶᠢᠨ ᠠᠵᠢᠯ ᠤᠨ ᠳᠤᠭᠤᠶᠢᠯᠠᠩ ᠠᠴᠠ ᠲᠣᠭᠲᠠᠭᠠᠵᠤ᠂ ᠡᠯ᠎ᠡ ᠰᠤᠷᠭᠠᠭᠤᠯᠢ ᠶᠢᠨ ᠬᠤᠭᠤᠯᠠᠨ ᠤ ᠵᠠᠷᠤᠳᠠᠯ ᠤᠨ ᠪᠠᠷᠢᠮᠵᠢᠶ᠎ᠠ ᠶᠢᠨ ᠠᠵᠢᠯ ᠤᠨ ᠳᠤᠭᠤᠶᠢᠯᠠᠩ ᠨᠢ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ ᠂ ᠲᠣᠰ ᠰᠤᠷᠭᠠᠭᠤᠯᠢ ᠶᠢᠨ ᠢᠶᠠᠨ ᠬᠤᠭᠤᠯᠠᠨ ᠤ ᠵᠠᠷᠤᠳᠠᠯ ᠤᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠰᠤᠷᠭᠠᠭᠤᠯᠢ ᠠᠴᠠ ᠭᠤᠤᠯ ᠬᠤᠯᠢᠰᠢᠨ ᠢᠳᠡᠭᠡᠨ ᠤ ᠬᠤᠳᠠᠯᠳᠤᠨ ᠠᠪᠬᠤ ᠦᠨ᠎ᠡ ᠬᠠᠩᠰᠢ᠂ ᠲᠤᠭ᠎ᠠ ᠬᠡᠮᠵᠢᠶ᠎ᠡ᠂ ᠵᠣᠭᠤᠰ ᠤᠨ ᠲᠤᠭ᠎ᠠ ᠶᠢᠨ ᠮᠡᠳᠡᠭᠡ ᠵᠠᠩᠭᠢ᠂ ᠬᠤᠭᠤᠯᠠᠨ ᠤ ᠵᠠᠷᠤᠳᠠᠯ ᠤᠨ ᠪᠠᠷᠢᠮᠵᠢᠶ᠎ᠠ ᠵᠡᠷᠭᠡ ᠶᠢ ᠲᠤᠭᠲᠠᠭᠰᠠᠨ ᠬᠤᠭᠤᠴᠠᠭ᠎ᠠ ᠲᠠᠢ ᠵᠠᠷᠯᠠᠨ ᠨᠡᠶᠢᠲᠡᠯᠡᠨ᠎ᠡ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ