2023 ᠣᠨ ᠤ ᠡᠷᠭᠦᠨ᠎ᠡ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠲᠣᠬᠠᠢ ᠵᠠᠳᠠᠯᠤᠯᠲᠠ
ᠨᠡᠶᠢᠲᠡᠯᠡᠭᠰᠡᠨ ᠴᠠᠭ᠄
2024/12/27
     2023 ᠣᠨ ᠳᠤ᠂ ᠡᠷᠭᠦᠨ᠎ᠡ ᠬᠤᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠠᠬᠢᠴᠠ ᠶᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠴᠢᠨᠠᠷᠯᠢᠭ ᠬᠥᠭᠵᠢᠯᠲᠡ ᠶᠢ ᠯᠠᠪᠳᠠᠭᠤᠨ ᠠᠬᠢᠭᠤᠯᠤᠨ᠂ ᠠᠵᠤ ᠠᠬᠤᠢ ᠶᠢᠨ ᠬᠥᠭᠵᠢᠯᠲᠡ  ᠶᠢᠨ ᠪᠠᠶᠢᠳᠠᠯ ᠢ ᠦᠷᠭᠦᠯᠵᠢᠯᠡᠨ ᠪᠠᠲᠤᠯᠠᠪᠠ᠃     ᠬᠤᠰᠢᠭᠤ ᠬᠤᠲᠠ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2023 ᠣᠨ ᠳᠤ ᠂ ᠡᠷᠭᠦᠨ᠎ᠡ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 51.87 ᠳ᠋ᠦᠩᠰᠢᠭᠤᠷ ᠲᠥᠭᠦᠷᠢᠭ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.0% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 25.02 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 6.60 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 1.4% ᠪᠠᠷ ᠪᠠᠭᠤᠷᠠᠪᠠ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 20.25 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 48.2᠄ 12.7᠄ 39.1 ᠪᠣᠯᠤᠨ᠎ᠠ᠃     ᠨᠢᠭᠡ᠂ ᠨᠢᠭᠡᠳᠦᠭᠡᠷ ᠠᠵᠤ ᠦᠢᠯᠡᠰ ᠲᠣᠭᠲᠠᠭᠤᠨ ᠨᠡᠮᠡᠭᠳᠡᠪᠡ     2023 ᠣᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 25.02 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠨ᠂ ᠠᠵᠤ ᠠᠬᠤᠶ ᠶᠢᠨ ᠨᠡᠮᠡᠭᠳᠡᠯ ᠢ ᠵᠠᠭᠤᠨ ᠤ 2.38 ᠬᠤᠪᠢ ᠲᠡᠭᠡᠭᠰᠢᠯᠡᠬᠦᠯᠪᠡ᠃ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠤ ᠦᠢᠯᠡᠰ ᠤᠨ ᠶᠡᠷᠦᠩᠬᠡᠢ ᠥᠷᠲᠡᠭ 40.44 ᠳ᠋ᠦᠩᠰᠢᠭᠤᠷ ᠲᠥᠭᠦᠷᠢᠭ ᠪᠠᠶᠢᠵᠤ᠂ ᠬᠠᠷᠢᠴᠠᠭᠤᠯᠵᠤ ᠪᠣᠯᠬᠤ ᠦᠨ᠎ᠡ ᠶᠢᠨ ᠨᠡᠮᠡᠭᠳᠡᠯ ᠤᠨ ᠬᠤᠷᠳᠤᠴᠠ ︵ᠳᠣᠷᠣᠭᠰᠢ ᠠᠳᠠᠯᠢ︶ 5.2% ᠪᠣᠯᠪᠠ᠃     ᠬᠤᠶᠠᠷ᠂ ᠬᠤᠶᠠᠳᠤᠭᠠᠷ ᠠᠵᠤ ᠦᠢᠯᠡᠰ ᠪᠠᠭ᠎ᠠ ᠬᠡᠮᠵᠢᠶ᠎ᠡ ᠪᠠᠷ ᠪᠠᠭᠤᠷᠠᠪᠠ     2023 ᠣᠨ ᠳᠤ ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 6.60 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 1.4% ᠪᠠᠷ ᠪᠠᠭᠤᠷᠠᠵᠤ᠂ ᠠᠵᠤ ᠠᠬᠤᠶ ᠶᠢᠨ ᠨᠡᠮᠡᠭᠳᠡᠯ ᠢ ᠵᠠᠭᠤᠨ ᠤ 0.16 ᠬᠤᠪᠢ ᠪᠠᠭᠤᠷᠠᠭᠤᠯᠪᠠ᠃ ᠡᠭᠦᠨ ᠳᠤ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 4.33 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠪᠠᠷ ᠪᠠᠭᠤᠷᠠᠵᠤ᠂ ᠠᠵᠤ ᠠᠬᠤᠶ ᠶᠢᠨ ᠨᠡᠮᠡᠭᠳᠡᠯ ᠢ ᠵᠠᠭᠤᠨ ᠤ 0.51 ᠬᠤᠪᠢ ᠪᠠᠭᠤᠷᠠᠭᠤᠯᠪᠠ᠃ ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ 2.27 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 6.5%  ᠪᠠᠷ ᠨᠡᠮᠡᠭᠳᠡᠪᠡ᠃     2023 ᠣᠨ ᠳᠤ᠂ ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ 6.5% ᠪᠠᠷ ᠨᠡᠮᠡᠭᠳᠡᠵᠦ᠂ ᠠᠵᠤ ᠠᠬᠤᠶ ᠶᠢᠨ ᠨᠡᠮᠡᠭᠳᠡᠯ ᠢ ᠵᠠᠭᠤᠨ ᠤ 0.35 ᠬᠤᠪᠢ ᠳᠡᠭᠡᠭᠰᠢᠯᠡᠭᠦᠯᠪᠡ᠃     ᠭᠤᠷᠪᠠ᠂ ᠭᠤᠷᠪᠠᠳᠤᠭᠠᠷ ᠠᠵᠤ ᠦᠢᠯᠡᠰ ᠦᠷᠭᠦᠯᠵᠢᠯᠡᠨ ᠰᠡᠷᠭᠦᠪᠡ     2023 ᠣᠨ ᠳᠤ᠂ ᠪᠥᠬᠦ ᠬᠤᠲᠠ ᠶᠢᠨ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 20.25 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠦᠷᠦᠭᠦᠤ ᠭᠤᠷᠪᠠᠨ ᠤᠯᠠᠷᠢᠯ ᠤᠨ ᠬᠢ ᠠᠴᠠ ᠵᠠᠭᠤᠨ ᠤ 1.3ᠬᠤᠪᠢ ᠳᠡᠭᠡᠭᠰᠢᠯᠡᠵᠦ᠂ ᠠᠵᠤ ᠠᠬᠤᠶ ᠶᠢᠨ ᠨᠡᠮᠡᠭᠳᠡᠯ ᠢ ᠵᠠᠭᠤᠨ ᠤ 2.83 ᠬᠤᠪᠢ ᠳᠡᠭᠡᠭᠰᠢᠯᠡᠭᠦᠯᠪᠡ᠃ ᠲᠤᠯᠤᠭᠠᠨ ᠶᠡᠭᠡ ᠠᠵᠢᠯ ᠲᠦᠷᠦᠯ ᠴᠥᠮ ᠡᠶᠡᠷᠭᠦ ᠨᠡᠮᠡᠭᠳᠡᠯ ᠢ ᠪᠡᠶᠡᠯᠡᠭᠦᠯᠪᠡ᠃ ᠵᠠᠮ ᠲᠡᠭᠡᠭᠡᠪᠦᠷᠢ ᠶᠢᠨ ᠦᠢᠯᠡᠰ᠂ ᠬᠤᠨᠤᠭᠯᠠᠬᠤ ᠦᠢᠯᠡᠰ᠂ ᠢᠳᠡᠭᠡᠨ ᠤᠮᠳᠠᠭᠠᠨ ᠤ ᠦᠢᠯᠡᠰ᠂ ᠠᠰᠢᠭ ᠬᠤᠨᠵᠢᠪᠣᠷᠢ ᠶᠢᠨ ᠴᠢᠨᠠᠷᠲᠠᠶ ᠦᠢᠯᠡᠴᠢᠯᠡᠭᠡᠨ ᠤ ᠦᠢᠯᠡᠰ ᠴᠥᠮ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠡᠶᠡᠯᠡᠭᠦᠯᠪᠡ᠃     ᠶᠡᠷᠦᠩᠬᠡᠶ ᠳᠤ  ᠨᠢ ᠠᠪᠴᠤ ᠦᠵᠡᠪᠡᠯ᠂ 2023 ᠣᠨ ᠳᠤ ᠡᠷᠭᠦᠨ᠎ᠡ ᠬᠤᠲᠠ ᠶᠢᠨ ᠠᠵᠤ ᠠᠬᠤᠶ ᠰᠠᠶᠢᠵᠢᠷᠠᠵᠤ᠂ ᠬᠥᠭᠵᠢᠯᠲᠡ ᠶᠢᠨ ᠰᠠᠶᠢᠨ ᠪᠠᠶᠢᠳᠠᠯ ᠢ ᠪᠠᠲᠤᠯᠠᠪᠠ᠃ ᠳᠠᠷᠠᠭᠠᠴᠢ ᠶᠢᠨ ᠠᠯᠬᠤᠮ ᠳᠤ᠂ ᠦᠷᠭᠦᠯᠵᠢᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠲᠦᠪᠯᠡᠷᠡᠭᠦᠯᠦᠨ᠂ ᠬᠦᠴᠦᠯᠡᠬᠦ ᠴᠢᠭᠯᠡᠯ ᠢᠶᠠᠨ ᠣᠨᠣᠪᠴᠢᠲᠠᠢ ᠡᠵᠡᠮᠳᠡᠵᠦ᠂ ᠴᠢᠨᠠᠷᠯᠢᠭ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠤᠯᠭᠠᠨ᠎ᠠ᠃                                        ᠤᠷᠴᠢᠭᠤᠯᠤᠭᠴᠢ᠄ ᠢᠤᠢ ᠱᠧᠩ  
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ