ᠳᠤᠮᠳᠡᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠨ᠂ ᠵᠠᠰᠠᠭ ᠤᠨ ᠶᠠᠪᠤᠳᠠᠯ ᠢ ᠢᠯᠡ ᠪᠤᠯᠭᠠᠬᠤ | ᠠᠵᠢᠯ ᠢ ᠰᠠᠶᠢᠲᠤᠷ ᠪᠡᠶᠡᠯᠡᠭᠦᠯᠬᠦ ᠶᠢᠨ ᠲᠦᠯᠦᠭᠡ᠂ 2024 ᠤᠨ ᠳᠤ᠂ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠵᠠᠰᠠᠭ ᠤᠨ | ᠶᠠᠪᠤᠳᠠᠯ ᠤᠨ ᠮᠤᠩᠭᠤᠯ ᠰᠦᠯᠵᠢᠶ᠎ᠡ ᠪᠠ ᠰᠢᠨ᠎ᠡ ᠵᠠᠭᠤᠴᠢᠯᠠᠭᠤᠷ ᠢᠶᠠᠨ ᠤᠬᠠᠭᠤᠯᠬᠤ ᠠᠵᠢᠯᠯᠠᠭ᠎ᠠ ᠦᠷᠨᠢᠭᠦᠯᠪᠡ᠃ | ᠡᠷᠭᠦᠨ᠎ᠡ ᠬᠤᠲᠠ ᠤᠬᠠᠭᠤᠯᠬᠤ ᠬᠠᠭᠤᠳᠠᠰᠤ ᠲᠠᠷᠬᠠᠭᠠᠬᠤ᠂ ᠰᠦᠯᠵᠢᠶ᠎ᠡ ᠪᠠ ᠸᠢᠴᠠᠲ ᠳᠡᠭᠡᠷ᠎ᠡ ᠮᠡᠳᠡᠭᠡ ᠵᠠᠩᠭᠢ ᠨᠡᠶᠢᠲᠡᠯᠡᠬᠦ᠂ LED ᠳᠡᠯᠭᠡᠴᠡᠨ ᠳᠡᠭᠡᠷ᠎ᠡ | ᠤᠬᠠᠭᠤᠯᠬᠤ ᠠᠭᠤᠯᠭ᠎ᠠ ᠪᠠᠨ ᠨᠡᠪᠲᠡᠷᠡᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠪᠠ ᠰᠢᠨ᠎ᠡ ᠵᠠᠭᠤᠴᠢᠯᠠᠭᠤᠷ ᠢ | ᠤᠬᠠᠭᠤᠯᠪᠠ᠃ | | | | ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠪᠠᠶᠢᠭᠤᠯᠭ᠎ᠠ ᠪᠦᠬᠦ ᠬᠤᠲᠠ ᠶᠢᠨ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠲᠠᠢ ᠢᠳᠡᠪᠬᠢᠲᠡᠢ | ᠬᠠᠷᠢᠯᠴᠠᠵᠤ᠂ ᠦᠨᠳᠦᠰᠦᠨ ᠱᠠᠲᠤᠨ ᠳᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠪᠠ ᠰᠢᠨ᠎ᠡ ᠵᠠᠭᠤᠴᠢᠯᠠᠭᠤᠷ ᠢᠶᠠᠨ ᠦᠷᠭᠡᠨ ᠳᠡᠯᠭᠡᠷᠡᠩᠭᠦᠢ ᠤᠬᠠᠭᠤᠯᠪᠠ᠃ | ᠡᠷᠭᠦᠨ᠎ᠡ ᠬᠤᠲᠠ ᠶᠢᠨ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠦᠪᠡᠷ ᠤᠨ ᠪᠤᠲᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠵᠠᠰᠠᠭ ᠤᠨ ᠤᠷᠳᠤᠨ ᠤ | ᠮᠤᠩᠭᠤᠯ ᠰᠦᠯᠵᠢᠶ᠎ᠡ ᠪᠠ ᠰᠢᠨ᠎ᠡ ᠵᠠᠭᠤᠴᠢᠯᠠᠭᠤᠷ ᠢ ᠤᠬᠠᠭᠤᠯᠤᠨ᠂ ᠮᠤᠩᠭᠤᠯ ᠰᠦᠯᠵᠢᠶ᠎ᠡ ᠪᠠ ᠰᠢᠨ᠎ᠡ ᠵᠠᠭᠤᠴᠢᠯᠠᠭᠤᠷ ᠢ ᠨᠡᠩ ᠤᠯᠠᠨ ᠬᠦᠮᠦᠰ ᠠᠩᠬᠠᠷᠤᠭᠰᠠᠨ | ᠪᠠᠶᠢᠪᠠ᠃ | | | | ᠳᠤᠤᠷ᠎ᠠ ᠬᠠᠭᠠᠰ ᠵᠢᠯ ᠳᠤ᠂ ᠬᠤᠲᠠ ᠶᠢᠨ ᠵᠠᠰᠠᠭ ᠤᠨ ᠤᠷᠳᠤᠨ ᠤ ᠠᠯᠪᠠᠨ ᠭᠡᠷ ᠺᠠᠳ᠋ᠷ ᠠᠵᠢᠯᠲᠠᠳ ᠢ ᠵᠤᠬᠢᠶᠠᠨ ᠪᠠᠶᠢᠭᠤᠯᠵᠤ᠂ ᠬᠤᠲᠠ ᠶᠢᠨ ᠠᠷᠠᠳ ᠤᠨ | ᠠᠭᠤᠳᠠᠮ ᠲᠠᠯᠠᠪᠠᠢ ᠳᠤ ᠬᠦᠷᠴᠦ᠂ ᠦᠷᠭᠡᠨ ᠤᠯᠠᠨ ᠰᠠᠭᠤᠭᠠᠯᠢ ᠠᠷᠠᠳ ᠲᠤ ᠤᠬᠠᠭᠤᠯᠬᠤ ᠬᠠᠭᠤᠳᠠᠰᠤ ᠲᠠᠷᠬᠠᠭᠠᠨ ᠦᠭᠴᠦ᠂ ᠡᠯᠭᠦᠭᠡ ᠪᠢᠴᠢᠭᠡᠰᠦ ᠡᠯᠭᠦᠵᠦ᠂ | ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠪᠠ ᠰᠢᠨ᠎ᠡ ᠵᠠᠭᠤᠴᠢᠯᠠᠭᠤᠷ ᠤᠨ ᠠᠭᠤᠯᠭ᠎ᠠ ᠶᠢ ᠨᠠᠷᠢᠨ ᠨᠢᠮᠪᠠᠢ ᠲᠠᠶᠢᠯᠪᠤᠷᠢᠯᠠᠨ ᠦᠭᠪᠡ᠃ ᠲᠡᠳᠡᠨ ᠤ ᠵᠠᠰᠠᠭ ᠤᠨ | ᠶᠠᠪᠤᠳᠠᠯ ᠤᠨ ᠮᠤᠩᠭᠤᠯ ᠰᠦᠯᠵᠢᠶ᠎ᠡ ᠪᠠ ᠰᠢᠨ᠎ᠡ ᠵᠠᠭᠤᠴᠢᠯᠠᠭᠤᠷ ᠤᠨ ᠲᠤᠬᠠᠢ ᠤᠶᠢᠯᠠᠭᠠᠯᠲᠠ ᠶᠢ ᠭᠦᠨᠵᠡᠭᠡᠶᠢᠷᠡᠭᠦᠯᠪᠡ᠃ | | | | | ᠮᠠᠨ ᠤ ᠪᠠᠶᠢᠭᠤᠯᠭ᠎ᠠ ᠪᠠ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠬᠠᠮᠲᠤᠷᠠᠨ᠂ ᠡᠯ᠎ᠡ ᠪᠠᠶᠢᠭᠤᠯᠭ᠎ᠠ ᠨᠢᠭᠡᠴᠡ ᠳᠤ ᠭᠦᠨᠵᠡᠭᠡᠶᠢᠷᠡᠨ᠂ | ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠪᠠ ᠰᠢᠨ᠎ᠡ ᠵᠠᠭᠤᠴᠢᠯᠠᠭᠤᠷ ᠢ ᠤᠬᠠᠭᠤᠯᠪᠠ᠃ ᠢᠩᠭᠢᠭᠡᠳ᠂ ᠡᠯ᠎ᠡ ᠪᠠᠶᠢᠭᠤᠯᠭ᠎ᠠ ᠨᠢᠭᠡᠴᠡ ᠶᠢᠨ ᠺᠠᠳ᠋ᠷ ᠠᠵᠢᠯᠲᠠᠳ ᠤᠨ | ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠪᠠ ᠰᠢᠨ᠎ᠡ ᠵᠠᠭᠤᠴᠢᠯᠠᠭᠤᠷ ᠤᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | | | | ᠪᠦᠬᠦ ᠵᠢᠯ ᠳᠤ᠂ ᠡᠷᠭᠦᠨ᠎ᠡ ᠬᠤᠲᠠ 1000 ᠭᠠᠷᠤᠢ ᠤᠬᠠᠭᠤᠯᠬᠤ ᠬᠠᠭᠤᠳᠠᠰᠤ ᠲᠠᠷᠬᠠᠭᠠᠨ᠂ LED ᠳᠡᠯᠭᠡᠴᠡᠨ ᠳᠡᠭᠡᠷ᠎ᠡ ᠰᠠᠷ᠎ᠠ ᠭᠠᠷᠤᠢ ᠵᠠᠰᠠᠭ ᠤᠨ | ᠶᠠᠪᠤᠳᠠᠯ ᠤᠨ ᠮᠤᠩᠭᠤᠯ ᠰᠦᠯᠵᠢᠶ᠎ᠡ ᠪᠠ ᠰᠢᠨ᠎ᠡ ᠵᠠᠭᠤᠴᠢᠯᠠᠭᠤᠷ ᠤᠨ ᠤᠬᠠᠭᠤᠯᠬᠤ ᠠᠭᠤᠯᠭ᠎ᠠ ᠶᠢ ᠨᠡᠪᠲᠡᠷᠡᠭᠦᠯᠵᠦ᠂ ᠤᠯᠠᠷᠢᠯ ᠪᠦᠷᠢ ᠰᠦᠯᠵᠢᠶ᠎ᠡ ᠪᠠ ᠸᠢᠴᠠᠲ ᠳᠡᠭᠡᠷ᠎ᠡ | ᠮᠡᠳᠡᠭᠡ ᠵᠠᠩᠭᠢ ᠨᠡᠶᠢᠲᠡᠯᠡᠪᠡ᠃ | | | | | ᠡᠳᠡᠭᠡᠷ ᠠᠵᠢᠯᠯᠠᠭ᠎ᠠ ᠪᠠᠷ ᠳᠠᠮᠵᠢᠭᠠᠳ᠂ ᠮᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠪᠠ ᠰᠢᠨ᠎ᠡ ᠵᠠᠭᠤᠴᠢᠯᠠᠭᠤᠷ ᠢ ᠨᠡᠩ ᠤᠯᠠᠨ | ᠬᠦᠮᠦᠰ ᠠᠩᠬᠠᠷᠤᠯ ᠳᠤ ᠪᠠᠨ ᠠᠪᠤᠪᠠ᠃ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠪᠠ ᠰᠢᠨ᠎ᠡ ᠵᠠᠭᠤᠴᠢᠯᠠᠭᠤᠷ ᠨᠢ ᠦᠷᠭᠡᠨ ᠤᠯᠠᠨ ᠲᠦᠮᠡᠨ ᠳᠤ ᠳᠦᠭᠦᠮ | ᠦᠵᠡᠭᠦᠯᠪᠡ᠃ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠪᠠ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠵᠤ᠂ ᠵᠠᠰᠠᠭ ᠤᠨ ᠤᠷᠳᠤᠨ ᠤ ᠮᠡᠳᠡᠭᠡ ᠵᠠᠩᠭᠢ ᠶᠢ ᠴᠠᠭ | ᠲᠤᠬᠠᠢ ᠳᠤ ᠨᠢ ᠤᠶᠢᠯᠠᠭᠠᠨ᠂ ᠦᠪᠡᠷ ᠤᠨ ᠵᠠᠰᠠᠭ ᠤᠨ ᠶᠠᠪᠤᠳᠠᠯ ᠳᠤ ᠤᠷᠤᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠪᠠᠨ ᠬᠡᠷᠡᠭᠯᠡᠨ᠂ ᠬᠠᠤᠯᠢ ᠶᠤᠰᠤᠨ ᠤ ᠡᠷᠬᠡ | ᠠᠰᠢᠭ ᠢᠶᠠᠨ ᠬᠠᠮᠠᠭᠠᠯᠠᠪᠠ᠃ ᠵᠠᠰᠠᠭ ᠤᠨ ᠤᠷᠳᠤᠨ ᠬᠠᠤᠯᠢ ᠶᠤᠰᠤᠭᠠᠷ ᠬᠠᠮᠢᠶ᠎ᠠ ᠪᠦᠬᠦᠢ ᠮᠡᠳᠡᠭᠡ ᠵᠠᠩᠭᠢ ᠶᠢ ᠢᠯᠡ ᠪᠤᠯᠭᠠᠵᠤ᠂ ᠤᠯᠠᠨ ᠲᠦᠮᠡᠨ ᠤ ᠬᠢᠨᠠᠯᠲᠠ ᠶᠢ | ᠬᠦᠯᠢᠶᠡᠨ ᠠᠪᠤᠪᠠ᠃ ᠡᠨᠡ ᠨᠢ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠠᠶᠢᠭᠤᠯᠬᠤ ᠶᠢ ᠲᠦᠯᠬᠢᠨ ᠠᠬᠢᠭᠤᠯᠪᠠ᠃ | |