ᠠᠷᠠᠳ ᠤᠨ ᠶᠠᠪᠤᠳᠠᠯ ᠤᠨ ᠶᠠᠮᠤᠨ ᠣᠶᠢᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ 2025 ᠣᠨ ᠤ ᠰᠢᠨ᠎ᠡ ᠵᠢᠯ ᠴᠠᠭᠠᠨ | ᠰᠠᠷ᠎ᠠ ᠶᠢᠨ ᠬᠤᠭᠤᠴᠠᠭᠠᠨ ᠳᠠᠬᠢ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ᠃ | ᠮᠡᠳᠡᠭᠳᠡᠯ ᠳᠤ᠂ ᠨᠥᠬᠦᠴᠡᠯ ᠲᠠᠢ ᠭᠠᠵᠠᠷ ᠣᠷᠣᠨ ᠤ ᠬᠢᠨ ᠰᠢᠨ᠎ᠡ ᠵᠢᠯ ᠴᠠᠭᠠᠨ ᠰᠠᠷ᠎ᠠ ᠠᠴᠠ ᠡᠮᠦᠨ᠎ᠡ ᠠᠪᠤᠷᠠᠨ ᠲᠤᠰᠠᠯᠠᠬᠤ ᠮᠥᠩᠭᠦ ᠶᠢ ᠤᠷᠢᠳᠴᠢᠯᠠᠨ ᠣᠯᠭᠤᠬᠤ | ᠪᠤᠶᠤ ᠨᠢᠭᠡ ᠯᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠨᠡᠮᠡᠵᠦ ᠥᠭᠬᠦ ᠶᠢ ᠵᠣᠷᠢᠭᠵᠢᠭᠤᠯᠵᠤ᠂ ᠲᠤᠬᠠᠢ ᠶᠢᠨ ᠭᠠᠵᠠᠷ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ | ᠥᠰᠦᠯᠲᠡ ᠲᠠᠢ ᠬᠤᠯᠪᠣᠭᠳᠠᠭᠤᠯᠬᠤ ᠲᠣᠭᠲᠠᠴᠠ ᠶᠢ ᠴᠠᠭ ᠲᠤᠬᠠᠢ ᠳᠤᠨᠢ ᠲᠣᠭᠲᠠᠭᠠᠯ ᠶᠣᠰᠣᠭᠠᠷ ᠡᠬᠢᠯᠡᠭᠦᠯᠵᠦ ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ | ᠣᠯᠭᠤᠵᠤ ᠂ ᠪᠠᠷᠠᠭᠠᠨ ᠤ ᠦᠨ᠎ᠡ ᠶᠢᠨ ᠥᠰᠦᠯᠲᠡ ᠶᠢᠨ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠳᠤ ᠦᠵᠡᠭᠦᠯᠬᠦ ᠨᠥᠯᠥᠭᠡ ᠶᠢ ᠠᠯᠢ | ᠴᠢᠳᠠᠬᠤ ᠪᠠᠷ ᠪᠠᠭᠠᠰᠬᠠᠬᠤ ᠬᠡᠷᠡᠭᠲᠡᠢ ᠭᠡᠵᠦ ᠱᠠᠭᠠᠷᠳᠠᠪᠠ᠃ | ᠮᠡᠳᠡᠭᠳᠡᠯ ᠳᠤ ᠪᠠᠰᠠ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ᠂ ᠣᠨᠴᠠ | ᠬᠦᠴᠢᠷᠳᠡᠯ ᠲᠠᠢ ᠬᠥᠮᠥᠰ ᠢ ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠵᠠᠬ᠎ᠠ ᠬᠢᠵᠠᠭᠠᠷ ᠤᠨ ᠭᠡᠷ ᠪᠦᠯᠢ᠂ ᠵᠠᠶᠢᠯᠠᠰᠢ ᠦᠭᠡᠢ ᠵᠠᠷᠤᠯᠭ᠎ᠠ ᠶᠢᠨ ᠬᠦᠴᠢᠷᠳᠡᠯ ᠲᠠᠢ ᠭᠡᠷ ᠪᠦᠯᠢ ᠶᠢ ᠮᠠᠭᠠᠳᠯᠠᠨ ᠲᠣᠭᠲᠠᠭᠠᠬᠤ ᠠᠵᠢᠯ ᠢ ᠪᠥᠬᠦ ᠲᠠᠯ᠎ᠠ ᠪᠠᠷ | ᠥᠷᠨᠢᠭᠦᠯᠵᠦ᠂ ᠮᠠᠭᠠᠳᠯᠠᠨ ᠲᠣᠭᠲᠠᠭᠠᠬᠤ ᠨᠥᠬᠦᠴᠡᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠲᠡᠩᠬᠡᠷᠡᠭᠦᠯᠦᠨ ᠲᠤᠰᠠᠯᠠᠵᠤ ᠬᠠᠪᠰᠤᠷᠤᠨ ᠲᠡᠳᠬᠦᠬᠦ | ᠨᠥᠬᠦᠴᠡᠯ ᠳᠤ ᠲᠦᠷ ᠨᠡᠶᠢᠴᠡᠬᠦ ᠦᠭᠡᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠭᠡᠷ ᠪᠦᠯᠢ ᠪᠠ ᠵᠠᠶᠢᠯᠠᠰᠢ ᠦᠭᠡᠢ ᠵᠠᠷᠤᠯᠭ᠎ᠠ ᠶᠢᠨ | ᠬᠦᠴᠢᠷᠳᠡᠯ ᠲᠠᠢ ᠭᠡᠷ ᠪᠦᠯᠢ ᠶᠢ ᠬᠥᠳᠡᠯᠦᠩᠭᠦᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠵᠤ᠂ ᠲᠡᠩᠬᠡᠷᠡᠭᠦᠯᠦᠨ ᠲᠤᠰᠠᠯᠠᠵᠤ ᠬᠠᠪᠰᠤᠷᠤᠨ ᠲᠡᠳᠬᠦᠬᠦ ᠨᠥᠬᠦᠴᠡᠯ ᠳᠤ | ᠨᠡᠶᠢᠴᠡᠭᠰᠡᠨ ᠪᠠᠶᠢᠪᠠᠯ ᠴᠠᠭ ᠲᠤᠬᠠᠢ ᠳᠤᠨᠢ ᠵᠤᠬᠢᠴᠠᠩᠭᠤᠢ ᠬᠠᠪᠰᠤᠷᠤᠮᠵᠢ ᠲᠡᠳᠬᠦᠮᠵᠢ ᠦᠵᠡᠬᠦᠯᠬᠦ ᠬᠡᠷᠡᠭᠲᠡᠢ᠃ | ᠮᠡᠳᠡᠭᠳᠡᠯ ᠳᠤ ᠴᠢᠬᠤᠯᠠᠴᠢᠯᠠᠭᠰᠠᠨ ᠨᠢ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ | ᠲᠡᠵᠢᠭᠡᠬᠦ ᠵᠡᠷᠭᠡ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠵᠢᠷᠤᠮᠵᠢᠭᠤᠯᠤᠨ ᠨᠠᠶᠢᠳᠠᠪᠤᠷᠢᠵᠢᠭᠤᠯᠵᠤ᠂ ᠢᠯᠡ᠂ ᠡᠷᠬᠡ ᠲᠡᠭᠰᠢ᠂ ᠲᠥᠪ ᠭᠤᠥᠯᠴᠢ | ᠪᠠᠶᠢᠬᠤ ᠶᠢ ᠪᠡᠶᠡᠯᠡᠭᠦᠯᠬᠦ ᠬᠡᠷᠡᠭᠲᠡᠢ᠃ ︽ᠨᠢᠭᠡ ᠰᠠᠯᠠᠭ᠎ᠠ ᠮᠥᠴᠢᠷ ᠭᠥᠯᠢᠶᠡᠨ ᠠᠪᠴᠤ᠂ ᠣᠯᠠᠨ ᠰᠠᠯᠠᠭ᠎ᠠ ᠮᠦᠴᠢᠷ ᠬᠠᠮᠵᠢᠯᠴᠠᠨ ᠭᠦᠢᠴᠡᠳᠬᠡᠬᠦ︾ ᠠᠵᠢᠯ ᠤᠨ | ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠠᠩᠬ᠎ᠠ ᠠᠰᠠᠭᠤᠬᠤ ᠳᠤ ᠬᠠᠷᠢᠭᠤᠴᠠᠬᠤ᠂ ᠨᠢᠭᠡ ᠤᠳᠠᠭ᠎ᠠ ᠳᠤ ᠮᠡᠳᠡᠭᠳᠡᠬᠦ ᠵᠡᠷᠭᠡ ᠳᠦᠷᠢᠮ ᠢ | ᠲᠡᠭᠦᠯᠳᠡᠷᠵᠢᠭᠦᠯᠦᠨ᠂ ᠰᠢᠯᠵᠢᠭᠦᠯᠦᠨ ᠭᠦᠢᠴᠡᠳᠬᠡᠬᠦ᠂ ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡᠨ ᠤ ᠴᠤᠪᠤᠷᠠᠯ ᠪᠠ ᠴᠠᠭ ᠤᠨ ᠬᠢᠵᠠᠭᠠᠷ ᠢ ᠲᠣᠳᠣᠷᠬᠠᠶᠢᠯᠠᠵᠤ᠂ | ᠨᠡᠶᠢᠭᠡᠮ ᠤᠨ ᠠᠪᠤᠷᠠᠨ ᠲᠤᠰᠠᠯᠠᠬᠤ ᠶᠢ ᠭᠠᠷᠲᠠᠨ ᠭᠦᠢᠴᠡᠳᠬᠡᠬᠦ ᠠᠵᠢᠯᠲᠠᠨ ᠤ ᠬᠠᠤᠯᠢ ᠲᠣᠭᠲᠠᠭᠠᠯ ᠶᠣᠰᠣᠭᠠᠷ ᠭᠦᠢᠴᠡᠳᠬᠡᠬᠦ ᠪᠠ ᠬᠦᠴᠢᠷᠳᠡᠯᠲᠡᠢ ᠣᠯᠠᠨ ᠲᠦᠮᠡᠨ ᠤ | ᠦᠨᠡᠨᠴᠢ ᠢᠲᠡᠭᠡᠮᠵᠢᠲᠡᠢ ᠪᠠᠷ ᠮᠡᠳᠡᠭᠦᠯᠬᠦ ︽ᠬᠤᠣᠰ ᠠᠮᠠᠯᠠᠯᠲᠠ︾ ᠶᠢᠨ ᠳᠦᠷᠢᠮ ᠢ ᠶᠡᠬᠡᠪᠡᠷ ᠬᠡᠷᠡᠭᠵᠢᠭᠦᠯᠵᠦ᠂ ᠠᠯᠪᠠ ᠬᠠᠰᠢᠵᠤ ᠠᠮᠠ ᠪᠥᠭᠯᠡᠬᠦ᠂ ᠬᠠᠷᠢᠯᠴᠠᠨ | ᠲᠦᠯᠬᠢᠯᠴᠡᠬᠦ ᠵᠡᠷᠭᠡ ᠦᠶᠯᠡ ᠠᠵᠢᠯᠯᠠᠭ᠎ᠠ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ |