ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ | ᠵᠡᠷᠭᠡ 7 ᠰᠠᠯᠠᠭ᠎ᠠ ᠮᠥᠴᠢᠷ 11 ᠰᠠᠷ᠎ᠠ ᠶᠢᠨ 27 ᠤ ᠡᠳᠦᠷ ︽ᠡᠮᠴᠢᠯᠡᠭᠡᠨ ᠤ ᠪᠠᠶᠢᠭᠤᠯᠤᠮᠵᠢ ᠶᠢᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠠᠷᠢᠯᠴᠠᠨ | ᠮᠡᠳᠡᠷᠡᠬᠦ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠨᠡᠶᠢᠲᠡᠯᠡᠵᠦ᠂ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠪᠠᠷ ᠬᠤᠷᠢᠭ᠎ᠠ | ᠱᠤᠭᠤᠮ ᠪᠣᠯᠭᠠᠵᠤ᠂ ᠭᠥᠯᠢᠶᠡᠨ ᠠᠪᠴᠤ ᠡᠮᠨᠡᠬᠦ ᠡᠮᠴᠢ ᠶᠢᠨ ᠮᠠᠭᠠᠳᠯᠠᠯᠲᠠ ᠪᠠᠷ ᠪᠠᠷᠢᠮᠵᠢᠶ᠎ᠠ ᠪᠣᠯᠭᠠᠵᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠠᠷᠢᠯᠴᠠᠨ | ᠮᠡᠳᠡᠷᠡᠬᠦ ᠠᠵᠢᠯ ᠢ ᠠᠬᠢᠭᠤᠯᠵᠤ᠂ ᠡᠮᠴᠢᠯᠡᠭᠡᠨ ᠤ ᠦᠵᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠪᠡᠳᠴᠢᠲᠡᠨ ᠤ ᠡᠪᠡᠳᠴᠢᠨ ᠦᠵᠡᠭᠦᠯᠬᠦ ᠪᠡᠶᠡᠴᠢ | ᠣᠶᠢᠯᠠᠭᠠᠯᠲᠠ ᠶᠢ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ | ᠵᠢᠯᠣᠭᠤᠳᠬᠤ ᠰᠠᠨᠠᠯ ᠢ ᠦᠨᠳᠦᠰᠦᠯᠡᠪᠡᠯ᠂ 2025 ᠣᠨ ᠤ ᠡᠴᠦᠰ ᠪᠣᠯᠬᠤ ᠳᠤ᠂ ᠡᠯ᠎ᠡ ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ︵ | ᠬᠤᠲᠠ ᠶᠢᠨ ᠡᠮᠴᠢᠯᠡᠭᠡᠨ ᠤ ᠪᠦᠯᠦᠭᠯᠡᠯ ᠪᠣᠯᠤᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠪᠠᠭᠲᠠᠨ᠎ᠠ︶ ᠳᠤ ᠡᠮᠴᠢᠯᠡᠭᠡᠨ ᠤ ᠬᠤᠯᠪᠣᠭᠠᠲᠤ | ᠴᠣᠭᠴᠠ ᠶᠢᠨ ᠳᠣᠲᠣᠭᠠᠳᠤ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠪᠥᠬᠦ ᠲᠥᠷᠥᠯ ᠵᠦᠶᠯ ᠢ ᠬᠠᠷᠢᠯᠴᠠᠨ ᠮᠡᠳᠡᠷᠡᠬᠦ ᠶᠢ ᠪᠡᠶᠡᠯᠡᠭᠦᠯᠵᠦ᠂ ᠡᠯ᠎ᠡ | ᠭᠠᠵᠠᠷ ᠤᠨ ᠬᠤᠲᠠ ᠶᠢᠨ ᠬᠡᠪᠴᠢᠶᠡᠨ ᠳᠠᠬᠢ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠬᠠᠷᠢᠯᠴᠠᠨ ᠮᠡᠳᠡᠷᠡᠬᠦ ᠲᠥᠷᠥᠯ ᠵᠦᠶᠯ ᠢ 200 ᠭᠠᠷᠤᠢ ᠪᠤᠯᠭᠠᠨ᠎ᠠ᠃ | | 2027 ᠣᠨ ᠤ ᠡᠴᠦᠰ ᠪᠣᠯᠬᠤ ᠳᠤ᠂ ᠡᠯ᠎ᠡ ᠮᠤᠵᠢ ᠶᠢᠨ ᠣᠷᠣᠨ ᠪᠦᠰᠡ ᠶᠢᠨ ᠳᠣᠲᠣᠷᠠᠬᠢ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣ ᠪᠠᠨ | ᠬᠠᠷᠢᠯᠴᠠᠨ ᠮᠡᠳᠡᠷᠡᠬᠦ ᠲᠥᠷᠥᠯ ᠵᠦᠶᠯ ᠢ 300 ᠭᠠᠷᠤᠢ ᠪᠤᠯᠭᠠᠨ᠎ᠠ︔ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠴᠧᠩᠳᠦ᠋ | ᠴᠦᠩᠴᠢᠩ ᠵᠡᠷᠭᠡ ᠣᠷᠣᠨ ᠪᠦᠰᠡ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠯᠴᠠᠨ ᠮᠡᠳᠡᠷᠡᠬᠦ ᠲᠥᠷᠥᠯ ᠵᠦᠶᠯ ᠤᠨ ᠲᠤᠭ᠎ᠠ ᠶᠢ 200 ᠭᠠᠷᠤᠢ ᠪᠤᠯᠭᠠᠨ᠎ᠠ᠃ | 2030 ᠣᠨ ᠪᠣᠯᠬᠤ ᠳᠤ᠂ ᠪᠥᠬᠦ ᠤᠯᠤᠰ ᠤᠨ ᠬᠠᠷᠢᠯᠴᠠᠨ ᠮᠡᠳᠡᠷᠡᠬᠦ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ | ᠲᠡᠭᠦᠯᠳᠡᠷᠵᠢᠭᠦᠯᠵᠦ᠂ ᠪᠠᠶᠢᠴᠠᠭᠠᠨ ᠰᠢᠯᠭᠠᠵᠤ ᠠᠳᠠᠯᠢ ᠴᠢᠨᠠᠷᠵᠢᠭᠤᠯᠬᠤ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠷ᠎ᠡ ᠳ᠋ᠦᠩ ᠢ ᠬᠠᠷᠢᠯᠴᠠᠨ | ᠨᠡᠪᠲᠡᠷᠡᠭᠦᠯᠵᠦ ᠬᠠᠮᠳᠤ ᠪᠠᠷ ᠬᠤᠪᠢᠶᠠᠯᠴᠠᠬᠤ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠪᠠᠶᠢᠩᠭᠤ ᠲᠣᠬᠢᠶᠠᠯᠳᠤᠬᠤ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ | ᠣᠷᠣᠨ ᠪᠦᠰᠡ ᠠᠯᠤᠰᠯᠠᠨ᠂ ᠡᠮᠴᠢᠯᠡᠭᠡᠨ ᠤ ᠪᠠᠶᠢᠭᠤᠯᠤᠮᠵᠢ ᠠᠯᠤᠰᠯᠠᠨ ᠬᠠᠮᠳᠤ ᠪᠠᠷ ᠬᠤᠪᠢᠶᠠᠯᠴᠠᠵᠦ ᠬᠠᠷᠢᠯᠴᠠᠨ ᠮᠡᠳᠡᠷᠡᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ | ᠬᠡᠪᠡ᠃ |