ᠬᠤᠯᠠᠨ ᠰᠢᠷᠭ᠎ᠠ ︵ᠬᠤᠶᠠᠷ︶
ᠨᠡᠶᠢᠲᠡᠯᠡᠭᠰᠡᠨ ᠴᠠᠭ᠄
2024/12/9
     ᠮᠢᠨᠦ ᠠᠪᠤ ᠪᠤᠯ ᠮᠠᠯᠵᠢᠬᠤ ᠠᠮᠢᠳᠤᠷᠠᠯ ᠤᠨ ᠲᠤᠬᠠᠢ ᠲᠤᠷᠰᠢᠯᠭ᠎ᠠ ᠰᠠᠶᠢᠲᠠᠢ ᠬᠦᠮᠦᠨ ᠶᠤᠮᠰᠠᠨ᠃ ᠡᠶᠢᠮᠦ ᠠᠴᠠ ᠨᠠᠳᠠ ᠳᠤ ᠦᠵᠦᠮᠦᠴᠢᠨ ᠨᠤᠳᠤᠭ ᠤᠨ ᠵᠠᠯᠰᠠᠨ ᠠᠪᠠᠭ᠎ᠠ ᠶᠢᠨ ᠬᠤᠯᠠᠨ ᠰᠢᠷᠭ᠎ᠠ ᠠᠵᠢᠷᠭ᠎ᠠ ᠶᠢᠨ ᠲᠤᠬᠠᠢ ᠦᠯᠢᠭᠡᠷ ᠢ ᠶᠠᠷᠢᠵᠤ ᠦᠭᠭᠦᠭᠰᠡᠨ ᠪᠢᠯᠡ᠃        ᠦᠵᠦᠮᠦᠴᠢᠨ ᠤ ᠦᠷᠭᠡᠨ ᠠᠭᠤᠳᠠᠮ ᠲᠠᠯ᠎ᠠ ᠨᠤᠳᠤᠭ ᠲᠤ ᠦᠬᠡᠷ ᠬᠤᠨᠢᠨ ᠰᠦᠷᠦᠭ ᠲᠠᠪᠠᠲᠠᠢ ᠰᠠᠶᠢᠬᠠᠨ ᠲᠠᠷᠬᠠᠨ ᠪᠡᠯᠴᠢᠳᠡᠭ ᠪᠠᠶᠢᠭᠰᠠᠨ ᠲᠦᠴᠢᠭᠡᠳ ᠤᠨ  ᠤ ᠦᠶᠡᠰ ᠲᠤ ᠲᠠᠯ᠎ᠠ ᠶᠢᠨ ᠮᠠᠯᠴᠢᠳ ᠤᠨ ᠮᠠᠯ ᠰᠦᠷᠦᠭ ᠵᠡᠷᠯᠢᠭ ᠴᠢᠨ᠋ᠸ᠎ᠠ ᠶᠢᠨ ᠬᠤᠣᠷ ᠬᠦᠨᠦᠭᠡᠯ ᠳᠤ ᠤᠴᠠᠷᠠᠵᠤ᠂ ᠮᠠᠯᠴᠢᠨ ᠬᠦᠮᠦᠨ ᠤ ᠬᠦᠨᠦᠭᠡᠯᠲᠦ ᠴᠢᠨ᠋ᠸ᠎ᠠ ᠶᠢ ᠰᠡᠷᠭᠡᠶᠢᠯᠡᠨ ᠠᠩᠨᠠᠭᠰᠠᠨ ᠵᠢᠴᠢ ᠠᠵᠢᠷᠭ᠎ᠠ ᠪᠤᠬ᠎ᠠ ᠨᠤᠭᠤᠳ ᠤᠨ ᠨᠢᠭᠦᠯᠲᠦ ᠴᠢᠨ᠋ᠸ᠎ᠠ ᠲᠠᠢ ᠲᠡᠮᠡᠴᠡᠯᠳᠦᠵᠦ ᠰᠦᠷᠦᠭ ᠢᠶᠠᠨ ᠬᠠᠮᠠᠭᠠᠯᠠᠭᠰᠠᠨ ᠵᠡᠷᠭᠡ ᠬᠠᠴᠢᠨ ᠰᠤᠨᠢᠨ ᠦᠯᠢᠭᠡᠷ ᠲᠤᠮᠤᠭ ᠤᠯᠠᠨ ᠪᠠᠶᠢᠳᠠᠭ ᠪᠢᠯᠡ᠃    
ᠢᠷᠡᠯᠲᠡ᠄ ᠬᠤᠯᠪᠤᠭ᠎ᠠ ᠪᠦᠷᠬᠡ