ᠤᠯᠤᠰ ᠠᠴᠠ ᠬᠡᠰᠡᠭ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠣᠯᠭᠤᠬᠤ ᠠᠰᠠᠷᠠᠮᠵᠢ ᠶᠢᠨ | ᠨᠥᠬᠦᠪᠥᠷᠢ ᠶᠢᠨ ᠪᠠᠷᠢᠮᠵᠢᠶ᠎ᠠ ᠶᠢ ᠳᠠᠬᠢᠨᠲᠠ ᠳᠡᠭᠡᠭᠰᠢᠯᠡᠭᠦᠯᠬᠦ ᠪᠠᠷ ᠪᠠᠶᠢᠨ᠎ᠠ | ᠰᠤᠷᠪᠤᠯᠵᠢᠯᠠᠭᠴᠢ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠴᠡᠷᠢᠭ ᠤᠨ ᠠᠯᠪᠠᠨ ᠠᠴᠠ | ᠪᠠᠭᠤᠭᠰᠠᠳ ᠤᠨ ᠬᠡᠷᠡᠭ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠲᠦᠷᠦᠭᠦᠬᠡᠨ ᠮᠡᠳᠡᠭᠳᠡᠯ ᠪᠠᠭᠤᠯᠭᠠᠵᠤ᠂ 2024 ᠣᠨ ᠤ 8 ᠰᠠᠷ᠎ᠠ ᠶᠢᠨ 1 ᠤ | ᠡᠳᠦᠷ ᠠᠴᠠ ᠡᠬᠢᠯᠡᠨ ᠬᠡᠰᠡᠭ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠵᠡᠷᠭᠡ ᠬᠥᠮᠦᠰ ᠤᠨ ᠠᠰᠠᠷᠠᠮᠵᠢ ᠪᠠ | ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠠᠬᠢᠨᠲᠠ ᠳᠡᠭᠡᠭᠰᠢᠯᠡᠭᠦᠯᠦᠨ᠎ᠡ ᠭᠡᠵᠦ ᠲᠣᠳᠣᠷᠬᠠᠶ ᠲᠣᠭᠲᠠᠭᠠᠵᠤ᠂ ᠡᠯ᠎ᠡ ᠭᠠᠵᠠᠷ ᠤᠨ ᠬᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠲᠤᠣᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠠᠰᠠᠷᠠᠮᠵᠢ ᠶᠢᠨ ᠮᠥᠩᠭᠦ ᠪᠠ ᠠᠮᠢᠳᠤᠷᠠᠯ ᠤᠨ | ᠨᠥᠬᠦᠪᠥᠷᠢ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠥᠭᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠤᠯᠤᠰ ᠤᠨ ᠡᠳ᠋ ᠤᠨ ᠬᠦᠴᠦᠨ᠂ ᠡᠲᠡᠭᠡᠳ ᠤᠨ ᠬᠤᠪᠢ ᠨᠡᠮᠡᠷᠢ ᠵᠡᠷᠭᠡ | ᠬᠦᠴᠦᠨ ᠵᠤᠶᠢᠯ ᠢ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠬᠦᠨᠳᠦᠳᠬᠡᠨ ᠪᠢᠰᠢᠷᠡᠬᠦ ᠪᠠ ᠬᠠᠯᠠᠮᠵᠢᠯᠠᠨ ᠬᠠᠷᠠᠭᠠᠯᠵᠠᠬᠤ ᠶᠢ ᠢᠯᠡᠷᠡᠭᠦᠯᠵᠦ᠂ | ᠤᠯᠤᠰ ᠠᠴᠠ 20 ᠵᠢᠯ ᠳᠠᠷᠠᠭᠠᠯᠠᠨ ᠠᠰᠠᠷᠠᠨ ᠬᠠᠷᠠᠭᠠᠯᠵᠠᠬᠤ ᠡᠲᠡᠭᠡᠳ ᠤᠨ ᠠᠰᠠᠷᠠᠮᠵᠢ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠪᠡᠶᠡᠯᠡᠭᠦᠯᠤᠭ᠍ᠰᠡᠨ | ᠪᠠᠶᠢᠨ᠎ᠠ᠃ |