ᠭᠠᠵᠠᠷ ᠵᠦᠢ ᠶᠢᠨ ᠤᠷᠴᠢᠨ ᠲᠤᠭᠤᠷᠢᠨ | | | ᠡᠷᠭᠦᠨ᠎ᠡ ᠬᠤᠲᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠬᠢᠩᠭᠠᠨ ᠳᠠᠪᠠᠭᠠᠨ ᠤ ᠪᠠᠷᠠᠭᠤᠨ ᠬᠤᠶᠢᠲᠤ ᠬᠤᠷᠮᠣᠶ᠂ ᠬᠥᠯᠥᠨ | ᠪᠤᠶᠢᠷ ᠤᠨ ᠲᠠᠯ᠎ᠠ ᠨᠤᠲᠤᠭ ᠤᠨ ᠬᠤᠶᠢᠲᠤ ᠦᠵᠦᠭᠦᠷ᠂ ᠡᠷᠭᠦᠨ᠎ᠡ ᠭᠤᠤᠯ ᠤᠨ ᠪᠠᠷᠠᠭᠤᠨ ᠡᠷᠭᠢ ᠳᠤ ᠪᠠᠶᠢᠷᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠥᠷᠭᠡᠷᠢᠭ ᠢᠶᠠᠷ ᠬᠠᠮᠤᠭ ᠤᠨ ᠥᠨᠳᠥᠷ ᠬᠤᠲᠠ ᠪᠣᠯᠤᠨ᠎ᠠ᠃ ᠡᠷᠭᠦᠨ᠎ᠡ ᠬᠤᠲᠠ ᠶᠢᠨ ᠬᠡᠪᠴᠢᠶ᠎ᠡ ᠨᠢ ᠤᠮᠠᠷᠠᠲᠤ ᠥᠷᠭᠡᠷᠢᠭ ᠤᠨ 50°01′~ | 53°26′᠂ ᠵᠡᠭᠦᠨ ᠤᠷᠲᠤᠷᠢᠭ ᠤᠨ 119°07′~ 121°49′᠂ ᠬᠤᠲᠠ ᠶᠢᠨ ᠬᠢᠯᠢ ᠶᠢᠨ ᠵᠡᠭᠦᠨ ᠬᠤᠶᠢᠲᠤ ᠬᠡᠰᠡᠭ ᠨᠢ ᠬᠠᠷᠠᠮᠥ᠋ᠷᠡᠨ | ᠮᠤᠵᠢ ᠶᠢᠨ ᠮᠦᠸᠧᠾᠧ ᠬᠤᠲᠠ ᠲᠠᠢ ᠵᠠᠬ᠎ᠠ ᠨᠡᠶᠢᠯᠡᠵᠦ᠂ ᠵᠡᠭᠦᠨ ᠬᠡᠰᠡᠭ ᠨᠢ ᠬᠡᠭᠡᠨ ᠭᠤᠣᠯ ᠬᠤᠲᠠ ᠲᠠᠢ ᠬᠦᠷᠰᠢᠯᠡᠨ᠂ ᠵᠡᠭᠦᠨ ᠡᠮᠦᠨ᠎ᠡ ᠬᠡᠰᠡᠭ ᠪᠠ ᠡᠮᠦᠨ᠎ᠡ | ᠬᠡᠰᠡᠭ ᠨᠢ ᠶᠠᠭᠰᠢ ᠬᠤᠲᠠ᠂ ᠬᠠᠭᠤᠴᠢᠨ ᠪᠠᠷᠭᠤ ᠬᠤᠰᠢᠭᠤ ᠲᠠᠢ ᠵᠠᠬ᠎ᠠ ᠨᠡᠶᠢᠯᠡᠵᠦ᠂ ᠪᠠᠷᠠᠭᠤᠨ ᠬᠡᠰᠡᠭ ᠪᠠ ᠬᠤᠶᠢᠲᠤ ᠬᠡᠰᠡᠭ ᠨᠢ ᠡᠷᠭᠦᠨ᠎ᠡ ᠭᠤᠣᠯ ᠢᠶᠠᠷ ᠵᠠᠭᠠᠭᠯᠠᠨ | ᠣᠷᠣᠰ ᠲᠠᠢ ᠡᠰᠡᠷᠬᠦ ᠬᠠᠷᠢᠯᠴᠠᠵᠤ ᠪᠠᠶᠢᠨ᠎ᠠ᠃ | | | ᠭᠠᠵᠠᠷ ᠤᠨ ᠭᠠᠳᠠᠷᠭᠤ ᠶᠢᠨ ᠣᠨᠴᠠᠯᠢᠭ | | | ᠡᠷᠭᠦᠨ᠎ᠡ ᠶᠢᠨ ᠬᠢᠯᠢ ᠳᠠᠬᠢ ᠭᠠᠵᠠᠷ ᠤᠨ ᠪᠠᠶᠢᠴᠠ ᠨᠢ ᠳᠣᠪᠣᠷᠬᠠᠭ ᠢᠶᠠᠷ ᠭᠤᠣᠯᠯᠠᠵᠤ ᠪᠠᠶᠢᠳᠠᠭ᠃ ᠡᠷᠭᠦᠨ᠎ᠡ ᠶᠢᠨ ᠭᠠᠵᠠᠷ ᠤᠨ ᠭᠠᠳᠠᠷᠭᠤ ᠨᠢ ᠤᠮᠠᠷᠠᠰᠢ ᠵᠡᠭᠦᠨᠰᠢ | ᠰᠤᠨᠵᠢᠷᠠᠨ᠂ 1500km ᠠᠴᠠ ᠶᠡᠭᠡ ᠤᠷᠲᠤ ᠪᠠᠶᠢᠵᠤ᠂ ᠲᠥᠪ ᠠᠽᠢᠶ᠎ᠠ — ᠮᠣᠩᠭᠤᠯ — ᠬᠢᠩᠭᠠᠨ ᠤ ᠲᠣᠮᠣ ᠬᠡᠯᠪᠡᠷᠢ ᠶᠢᠨ ᠨᠡᠶᠢᠯᠡᠮᠡᠯ ᠠᠭᠤᠯᠠ ᠪᠦᠲᠦᠭᠡᠬᠦ | ᠪᠦᠰᠡ ᠶᠢᠨ ᠳᠣᠲᠣᠷᠠᠬᠢ ᠴᠢᠬᠤᠯᠠ ᠭᠠᠵᠠᠷ ᠤᠨ ᠲᠣᠭᠲᠠᠴᠠ ᠪᠣᠯᠤᠨ᠎ᠠ᠃ ᠲᠤᠰ ᠭᠠᠵᠠᠷ ᠤᠨ ᠬᠤᠶᠢᠲᠤ ᠬᠡᠰᠡᠭ ᠨᠢ ᠳᠤᠮᠳᠠ ᠠᠮᠢᠳᠤ ᠡᠷᠢᠨ ᠤ ᠮᠣᠩᠭᠤᠯ — | ᠡᠬᠤᠼᠺ ᠠᠲᠤᠷᠢᠶᠠᠲᠤ ᠪᠦᠰᠡ ᠮᠦᠨ᠃ ᠭᠠᠵᠠᠷ ᠤᠨ ᠵᠡᠭᠦᠨ ᠬᠤᠶᠢᠲᠤ ᠬᠡᠰᠡᠭ ᠪᠠ ᠮᠤᠮᠸᠢᠢᠨ ︵ᠮᠠᠮᠤᠨ︶ ᠭᠠᠵᠠᠷ ᠲᠠᠢ ᠵᠠᠯᠭᠠᠯᠳᠤᠵᠤ ᠪᠠᠶᠢᠳᠠᠭ᠃ | | | ᠪᠠᠶᠢᠭᠠᠯᠢ ᠶᠢᠨ ᠡᠬᠢ ᠪᠠᠶᠠᠯᠢᠭ᠄ | | | 1. ᠠᠭᠤᠷᠬᠠᠶ ᠶᠢᠨ ᠡᠬᠢ ᠪᠠᠶᠠᠯᠢᠭ | | | ᠮᠠᠨ ᠤ ᠬᠤᠲᠠ ᠪᠣᠯ ᠳᠡᠯᠡᠪᠡᠷ ᠤᠨ ᠠᠭᠤᠷᠬᠠᠶ ᠶᠢᠨ ᠪᠦᠰᠡᠨ ᠳᠤ ᠪᠠᠶᠢᠷᠢᠯᠠᠵᠤ᠂ ᠠᠭᠤᠷᠬᠠᠶ ᠶᠢᠨ ᠡᠬᠢ ᠪᠠᠶᠠᠯᠢᠭ ᠡᠯᠪᠡᠭ ᠪᠠᠶᠢᠳᠠᠭ᠃ ᠮᠠᠨ ᠤ ᠬᠤᠲᠠ ᠶᠢᠨ | ᠠᠭᠤᠷᠬᠠᠢ ᠶᠢᠨ ᠡᠬᠢ ᠪᠠᠶᠠᠯᠢᠭ ᠤᠨ ᠣᠨᠴᠠᠯᠢᠭ ᠪᠣᠯ ᠠᠭᠤᠷᠬᠠᠢ ᠶᠢᠨ ᠴᠡᠭ ᠠᠷᠪᠢᠨ᠂ ᠲᠥᠷᠥᠯ ᠵᠦᠢᠯ ᠪᠦᠷᠢᠨ ᠪᠠᠶᠢᠳᠠᠭ᠃ ᠣᠲᠣ ᠪᠣᠯᠲᠠᠯ᠎ᠠ ᠨᠢᠭᠡᠨᠲᠡ | ᠢᠯᠡᠷᠡᠭᠦᠯᠦᠭᠰᠡᠨ ᠠᠭᠤᠷᠬᠠᠶ ᠶᠢᠨ ᠭᠠᠷᠤᠯᠲᠠ 24 ᠵᠦᠢᠯ ᠪᠠᠶᠢᠵᠤ᠂ ᠲᠡᠭᠦᠨ ᠤ ᠲᠤᠭ᠎ᠠ ᠬᠡᠮᠵᠢᠶ᠎ᠡ ᠨᠢ ᠬᠥᠯᠥᠨ ᠪᠤᠶᠢᠷ ᠬᠤᠲᠠ ᠶᠢᠨ ᠢᠯᠡᠷᠡᠭᠦᠯᠦᠭᠰᠡᠨ ᠠᠭᠤᠷᠬᠠᠶ ᠶᠢᠨ | ᠭᠠᠷᠤᠯᠲᠠ ᠶᠢᠨ ᠲᠥᠷᠥᠯ ᠵᠦᠢᠯ ᠤᠨ 29% ᠶᠢ ᠡᠵᠡᠯᠡᠵᠦ᠂ ᠡᠬᠢ ᠪᠠᠶᠠᠯᠢᠭ ᠤᠨ ᠬᠠᠳᠠᠭᠠᠯᠠᠭᠳᠠᠴᠠ ᠶᠢ ᠨᠢᠭᠡᠨᠲᠡ ᠬᠠᠶᠢᠨ ᠳᠣᠲᠣᠯᠠᠭᠰᠠᠨ ᠪᠤᠶᠤ ᠠᠩᠬ᠎ᠠ ᠠᠯᠬᠤᠮ | ᠬᠠᠶᠢᠨ ᠳᠣᠲᠣᠯᠠᠭᠰᠠᠨ ᠠᠭᠤᠷᠬᠠᠶ ᠶᠢᠨ ᠭᠠᠷᠤᠯᠲᠠ 9 ᠵᠦᠢᠯ ︵ᠨᠡᠭᠦᠷᠡᠰᠦ᠂ ᠰᠠᠶᠢᠷ ᠠᠯᠲᠠ᠂ ᠬᠠᠲᠠᠨ ᠠᠯᠲᠠ᠂ ᠬᠠᠷ᠎ᠠ ᠲᠤᠭᠤᠯᠭ᠎ᠠ ᠴᠠᠶᠢᠷ᠂ ᠲᠡᠮᠦᠷ᠂ | ᠬᠠᠶᠢᠯᠤᠭᠤᠷ ᠵᠣᠩᠰᠢ᠂ ᠭᠠᠨᠲᠢᠭ ᠴᠢᠯᠠᠭᠤᠯᠢᠭ᠂ ᠷᠠᠰᠢᠶᠠᠨ ᠤᠰᠤ︶ ᠪᠠᠶᠢᠵᠤ᠂ ᠡᠨᠧᠷᠭᠢ ᠶᠢᠨ ᠠᠭᠤᠷᠬᠠᠶ᠂ ᠬᠠᠷ᠎ᠠ ᠦᠩᠭᠡᠲᠦ ᠲᠡᠮᠦᠷᠯᠢᠭ ᠤᠨ ᠠᠭᠤᠷᠬᠠᠶ᠂ | ᠥᠩᠭᠡᠲᠦ ᠲᠡᠮᠦᠷᠯᠢᠭ ᠤᠨ ᠠᠭᠤᠷᠬᠠᠶ᠂ ᠦᠨᠡᠲᠦ ᠲᠡᠮᠦᠷᠯᠢᠭ᠂ ᠤᠰᠤᠨ ᠠᠭᠤᠷ ᠤᠨ ᠠᠭᠤᠷᠬᠠᠶ᠂ ᠰᠠᠴᠤᠷᠠᠮᠠᠬᠠᠢ ᠴᠢᠨᠠᠷᠲᠠᠢ ᠠᠭᠤᠷᠬᠠᠶ ᠪᠠ ᠡᠯ᠎ᠡ ᠲᠥᠷᠥᠯ ᠤᠨ | ᠲᠡᠮᠦᠷᠯᠢᠭ ᠤᠨ ᠪᠤᠰᠤ ᠠᠭᠤᠷᠬᠠᠶ ᠶᠢ ᠪᠠᠭᠲᠠᠭᠠᠵᠤ᠂ ᠠᠭᠤᠷᠬᠠᠶ ᠶᠢᠨ ᠭᠠᠷᠤᠯᠲᠠ ᠶᠢᠨ ᠭᠠᠵᠠᠷ 21 ᠪᠣᠶ᠃ ᠨᠡᠭᠦᠷᠡᠰᠦ᠄ ᠭᠤᠣᠯᠳᠠᠭᠤ ᠯᠠᠪᠳᠠᠯᠢᠨ ᠤ ᠨᠡᠭᠦᠷᠡᠰᠦᠨ ᠤ | ᠠᠢ ᠰᠠᠪᠠ ᠳᠤ ᠲᠥᠪᠯᠡᠷᠡᠵᠦ ᠪᠤᠢ᠂ ᠡᠨᠡ ᠨᠢ ᠳᠣᠣᠷ᠎ᠠ ᠬᠦᠬᠦᠷ ᠤᠨ ᠲᠦᠯᠦ ᠲᠠᠢ ᠨᠡᠭᠦᠷᠡᠰᠦ ᠪᠣᠯᠤᠨ᠎ᠠ᠃ ᠭᠤᠷᠪᠠᠨ ᠠᠭᠤᠷᠬᠠᠶ ᠶᠢᠨ ᠣᠷᠣᠨ ᠤ ᠦᠨᠳᠦᠰᠦᠨ | ᠬᠠᠳᠠᠭᠠᠯᠠᠭᠳᠠᠴᠠ ᠨᠢ 839 ᠲᠦᠮᠡᠨ ᠲᠣᠨ᠂ ᠡᠬᠢ ᠪᠠᠶᠠᠯᠢᠭ ᠤᠨ ᠬᠡᠮᠵᠢᠶ᠎ᠡ 22538 ᠲᠦᠮᠡᠨ ᠲᠣᠨ ᠪᠠᠶᠢᠬᠤ ᠶᠢ ᠪᠠᠲᠤᠯᠠᠪᠠ᠃ ᠠᠯᠲᠠ᠄ ︵ ᠰᠠᠶᠢᠷ ᠠᠯᠲᠠ᠂ | ᠬᠠᠲᠠᠨ ᠠᠯᠲᠠ︶ ᠲᠣᠰ ᠬᠤᠲᠠ ᠶᠢᠨ ᠴᠢᠬᠤᠯᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠮᠥᠨ᠂ ᠣᠳᠣᠬᠠᠨ ᠳᠤ ᠨᠢᠭᠡᠨᠲᠡ ᠢᠯᠡᠷᠡᠭᠦᠯᠦᠭᠰᠡᠨ ᠰᠠᠶᠢᠷ | ᠠᠯᠲᠠᠨ ᠤ ᠠᠭᠤᠷᠬᠠᠶ ᠶᠢᠨ ᠭᠠᠷᠤᠯᠲᠠ ᠶᠢᠨ ᠭᠠᠵᠠᠷ 15᠂ ᠬᠠᠲᠠᠨ ᠠᠯᠲᠠᠨ ᠤ ᠠᠭᠤᠷᠬᠠᠶ ᠶᠢᠨ ᠭᠠᠷᠤᠯᠲᠠ ᠶᠢᠨ ᠭᠠᠵᠠᠷ 3 ᠪᠠᠶᠢᠵᠤ᠂ ᠭᠤᠤᠯᠳᠠᠭᠤ ᠡᠷᠭᠦᠨ᠎ᠡ | ᠭᠤᠤᠯ ᠤᠨ ᠰᠠᠪᠠ ᠭᠠᠵᠠᠷ ᠢᠶᠠᠷ ᠲᠠᠷᠬᠠᠵᠤ ᠪᠣᠶ᠃ ᠬᠠᠷ᠎ᠠ ᠲᠤᠭᠤᠯᠭ᠎ᠠ ᠴᠠᠶᠢᠷ ᠤᠨ ᠠᠭᠤᠷᠬᠠᠢ ᠄ ᠭᠤᠣᠯᠳᠠᠭᠤ ᠰᠢᠶᠠ ᠬᠤ᠋ ᠯᠢᠨ ᠪᠣᠯᠤᠨ ᠵᠢᠷᠭᠤᠳᠤᠭᠠᠷ ᠬᠠᠷᠠᠭᠤᠯ ᠤᠨ | ᠭᠤᠤ ᠳᠤ ᠲᠠᠷᠬᠠᠵᠤ᠂ ᠲᠡᠮᠦᠷᠯᠢᠭ ᠤᠨ ᠬᠡᠮᠵᠢᠶ᠎ᠡ ᠪᠠᠷ ᠬᠠᠷ᠎ᠠ ᠲᠤᠭᠤᠯᠭ᠎ᠠ ᠶᠢᠨ ᠬᠠᠳᠠᠭᠠᠯᠠᠭᠳᠠᠴᠠ ᠶᠢ ᠪᠤᠳᠤᠪᠠᠯ 19264 ᠲᠣᠨ ᠪᠣᠯᠤᠨ᠎ᠠ ᠃ ᠴᠠᠶᠢᠷ ᠤᠨ | ᠬᠠᠳᠠᠭᠠᠯᠠᠭᠳᠠᠴᠠ ᠨᠢ 10750 ᠲᠣᠨ ᠪᠣᠯᠤᠨ᠎ᠠ᠃ ᠮᠥᠩᠭᠦ᠄ ᠰᠢᠶᠠ ᠬᠤ᠋ ᠯᠢᠨ ᠪᠣᠯᠤᠨ ᠵᠢᠷᠭᠤᠳᠤᠭᠠᠷ ᠬᠠᠷᠠᠭᠤᠯ ᠤᠨ ᠭᠤᠤ ᠶᠢᠨ ᠳᠠᠭᠠᠯᠲᠠ ᠠᠭᠤᠷᠬᠠᠶ ᠶᠢᠨ | ᠭᠠᠷᠤᠯᠲᠠ ᠪᠠᠶᠢᠵᠤ᠂ ᠬᠠᠳᠠᠭᠠᠯᠠᠭᠳᠠᠴᠠ ᠶᠢᠨ ᠬᠡᠮᠵᠢᠶ᠎ᠡ ᠨᠢ 20 ᠲᠣᠨ ᠪᠣᠯᠤᠨ᠎ᠠ᠃ ᠬᠠᠶᠢᠯᠤᠭᠤᠷ ᠵᠣᠩᠰᠢ᠄ ᠭᠤᠣᠯ ᠠᠭᠤᠷᠬᠠᠶ ᠶᠢᠨ ᠭᠠᠷᠤᠯᠲᠠ ᠶᠢᠨ ᠭᠠᠵᠠᠷ ᠨᠢ | ᠺᠦᠨ ᠺᠦ᠋ ᠯᠢ᠂ ᠰᠠᠨ ᠾᠧ ᠤᠨ 105 ᠳ᠋ᠤᠭᠠᠷ ᠦᠢᠯᠡᠳᠪᠦᠷᠢᠯᠡᠯ ᠤᠨ ᠪᠠᠷᠢᠭᠠᠳᠠ ᠵᠡᠷᠭᠡ ᠬᠦᠳᠡᠷ ᠤᠨ ᠬᠡᠪᠲᠡᠰᠢ ᠪᠠᠶᠢᠵᠤ ᠂ ᠣᠳᠣᠬᠠᠨ ᠳᠤ ᠬᠠᠳᠠᠭᠠᠯᠠᠭᠳᠠᠴᠠ ᠶᠢᠨ | ᠬᠡᠮᠵᠢᠶ᠎ᠡ ᠨᠢ 25.2 ᠲᠦᠮᠡᠨ ᠲᠣᠨ ᠪᠠᠶᠢᠬᠤ ᠶᠢ ᠪᠠᠶᠢᠴᠠᠭᠠᠨ ᠲᠣᠳᠣᠯᠠᠵᠠᠢ᠃ ᠷᠠᠰᠢᠶᠠᠨ ᠤᠰᠤ᠄ ᠬᠤᠲᠠ ᠶᠢᠨ ᠳᠣᠲᠣᠷ᠎ᠠ ᠨᠡᠶᠢᠲᠡ ᠭᠤᠷᠪᠠᠨ ᠭᠠᠵᠠᠷ ᠢ | ᠢᠯᠡᠷᠡᠭᠦᠯᠵᠡᠶ᠂ ᠮᠤᠷᠳᠠᠭ᠎ᠠ᠂ ᠯᠠᠪᠳᠠᠯᠢᠨ ᠤ ᠴᠠᠭᠠᠨ ᠢᠳᠡᠭᠡᠨ ᠤ ᠦᠢᠯᠡᠳᠪᠦᠷᠢ ᠪᠠ ᠰᠠᠨ ᠾᠧ ᠤᠨ ᠪᠠᠶᠢᠭᠠᠯᠢ ᠶᠢᠨ ᠷᠠᠰᠢᠶᠠᠨ ᠤᠰᠤᠨ ᠳᠤ ᠲᠠᠷᠬᠠᠵᠤ ᠂ ᠪᠦᠷ | ᠰᠲᠷᠤᠨᠲ ᠠᠭᠤᠯᠤᠭᠰᠠᠨ ᠴᠠᠬᠢᠭᠤᠷ ᠬᠦᠴᠢᠯ ᠤᠨ ᠬᠡᠯᠪᠡᠷᠢ ᠶᠢᠨ ᠪᠠᠶᠢᠭᠠᠯᠢ ᠶᠢᠨ ᠷᠠᠰᠢᠶᠠᠨ ᠤᠰᠤ ᠪᠣᠯᠤᠨ᠎ᠠ᠃ ᠣᠳᠣ ᠪᠣᠯᠲᠠᠯ᠎ᠠ᠂ ᠮᠠᠨ ᠤ ᠬᠤᠲᠠ ᠶᠢᠨ ᠨᠡᠭᠡᠭᠡᠨ | ᠠᠰᠢᠭᠯᠠᠬᠤ ᠨᠥᠬᠦᠴᠡᠯ ᠢ ᠪᠦᠷᠢᠯᠳᠦᠭᠦᠯᠦᠭᠰᠡᠨ 11 ᠠᠭᠤᠷᠬᠠᠶ ᠶᠢᠨ ᠲᠥᠷᠥᠯ ᠢ ᠨᠢᠭᠡᠨᠲᠡ ᠠᠳᠠᠯᠢ ᠪᠤᠰᠤ ᠬᠡᠮᠵᠢᠶ᠎ᠡ ᠪᠠᠷ ᠨᠡᠭᠡᠭᠡᠨ ᠠᠰᠢᠭᠯᠠᠵᠤ᠂ ᠨᠢᠭᠡᠨᠲᠡ | ᠢᠯᠡᠷᠡᠭᠦᠯᠦᠭᠰᠡᠨ ᠠᠭᠤᠷᠬᠠᠶ ᠶᠢᠨ ᠲᠥᠷᠥᠯ ᠤᠨ 57% ᠶᠢ ᠡᠵᠡᠯᠡᠵᠦ ᠪᠣᠶ᠂ ᠡᠭᠦᠨ ᠳᠤ ᠡᠵᠡᠯᠡᠨ ᠬᠡᠷᠡᠭᠯᠡᠭᠰᠡᠨ ᠡᠬᠢ ᠪᠠᠶᠠᠯᠢᠭ ᠤᠨ ᠬᠠᠳᠠᠭᠠᠯᠠᠭᠳᠠᠴᠠ ᠨᠢ ᠠᠷᠪᠢᠨ᠂ | ᠨᠡᠭᠡᠭᠡᠨ ᠠᠰᠢᠭᠯᠠᠭᠰᠠᠨ ᠬᠡᠮᠵᠢᠶ᠎ᠡ ᠪᠠᠷ ᠨᠡᠯᠢᠶᠡᠳ ᠥᠨᠳᠥᠷ ᠠᠭᠤᠷᠬᠠᠶ ᠶᠢᠨ ᠭᠠᠷᠤᠯᠲᠠ ᠳᠤ ᠰᠠᠶᠢᠷ ᠠᠯᠲᠠ᠂ ᠨᠡᠭᠦᠷᠡᠰᠦ᠂ ᠸᠠᠭᠠᠷ ᠲᠣᠭᠤᠰᠬ᠎ᠠ ᠶᠢᠨ ᠨᠠᠩᠭᠢ ᠰᠢᠷᠣᠶ | ᠪᠣᠶ᠂ ᠬᠡᠰᠡᠭ ᠪᠤᠰᠠᠭ ᠨᠡᠭᠡᠭᠡᠨ ᠮᠠᠯᠲᠠᠭᠰᠠᠨ ᠠᠭᠤᠷᠬᠠᠶ ᠶᠢᠨ ᠭᠠᠷᠤᠯᠲᠠ ᠳᠤ ᠬᠠᠷ᠎ᠠ ᠲᠤᠭᠤᠯᠭ᠎ᠠ ᠴᠠᠶᠢᠷ᠂ ᠷᠠᠰᠢᠶᠠᠨ ᠤᠰᠤ᠂ ᠭᠠᠨᠲᠢᠭ ᠴᠢᠯᠠᠭᠤ᠂ ᠴᠣᠬᠤᠶ ᠶᠢᠨ | ᠴᠢᠯᠠᠭᠤᠯᠢᠭ᠂ ᠬᠠᠶᠢᠷ ᠴᠢᠯᠠᠭᠤ ᠵᠡᠷᠭᠡ ᠪᠠᠶᠢᠵᠤ᠂ ᠡᠯ᠎ᠡ ᠲᠥᠷᠥᠯ ᠤᠨ ᠠᠭᠤᠷᠬᠠᠶ ᠶᠢᠨ ᠠᠵᠤ ᠠᠬᠤᠶᠢᠯᠠᠯ ᠨᠡᠶᠢᠲᠡ 48 ᠪᠣᠶ᠂ ᠡᠭᠦᠨ ᠳᠤ ᠰᠠᠶᠢᠷ ᠠᠯᠲᠠᠨ ᠤ | ᠠᠭᠤᠷᠬᠠᠶ 7᠂ ᠨᠡᠭᠦᠷᠡᠰᠦᠨ ᠠᠭᠤᠷᠬᠠᠶ 6᠂ ᠪᠤᠰᠤᠳ ᠠᠭᠤᠷᠬᠠᠶ ᠶᠢᠨ ᠭᠠᠷᠤᠯᠲᠠ 35 ᠪᠠᠶᠢᠨ᠎ᠠ᠃ | | | 2. ᠲᠠᠷᠢᠶᠠᠨ ᠭᠠᠵᠠᠷ ᠤᠨ ᠡᠬᠢ ᠪᠠᠶᠠᠯᠢᠭ | | | ᠣᠲᠣ ᠂ ᠪᠥᠬᠦ ᠬᠤᠲᠠ ᠳᠤ 282.65 ᠲᠦᠮᠡᠨ ᠮᠥ ᠲᠠᠷᠢᠶᠠᠨ ᠭᠠᠵᠠᠷ ᠲᠠᠢ ᠪᠠᠶᠢᠵᠤ᠂ ᠴᠥᠮ ᠮᠠᠰᠢᠨ ᠢᠶᠠᠷ ᠳᠠᠷᠢᠬᠤ ᠠᠷᠭ᠎ᠠ ᠮᠠᠶ᠋ᠢᠭ ᠢ ᠠᠪᠴᠤ ᠪᠠᠶᠢᠨ᠎ᠠ᠃ | ᠵᠢᠯ ᠤᠨ ᠳᠠᠷᠢᠬᠤ ᠲᠠᠯᠠᠪᠠᠶ ᠨᠢ 125 — 130 ᠲᠦᠮᠡᠨ ᠮᠥ ᠣᠷᠴᠢᠮ ᠪᠠᠶᠢᠵᠤ᠂ ᠲᠠᠷᠢᠶᠠᠨ ᠭᠠᠵᠠᠷ ᠤᠨ ᠶᠡᠷᠦᠩᠬᠡᠶ ᠲᠠᠯᠠᠪᠠᠶ ᠶᠢᠨ 50% — 52% ᠢ | ᠡᠵᠡᠯᠡᠨ᠎ᠡ᠃ ᠠᠮᠤ ᠳᠤᠰᠤᠨ ᠤ ᠵᠠᠬ᠎ᠠ ᠳᠡᠯᠭᠡᠭᠦᠷ ᠢ ᠴᠢᠯᠥᠭᠡᠲᠡᠶ ᠪᠣᠯᠭᠠᠬᠤ ᠪᠠ ᠦᠨ᠎ᠡ ᠬᠠᠩᠰᠢ ᠶᠢᠨ ᠳᠡᠭᠡᠭᠰᠢᠯᠡᠬᠦ ᠶᠢ ᠳᠠᠭᠠᠯᠳᠤᠨ᠂ ᠪᠥᠬᠦ ᠬᠤᠲᠠ ᠶᠢᠨ ᠲᠠᠷᠢᠶᠠᠨ | ᠭᠠᠵᠠᠷ ᠢ ᠬᠠᠮᠠᠭᠠᠯᠠᠬᠤ ᠪᠠ ᠠᠰᠢᠭᠯᠠᠬᠤ ᠨᠣᠷᠮ᠎ᠠ ᠤᠯᠠᠮ ᠨᠢᠭᠡ ᠠᠯᠬᠤᠮ ᠳᠡᠭᠡᠭᠰᠢᠯᠡᠵᠦ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ | ᠰᠡᠷᠭᠦᠭᠡᠬᠦ ᠶᠢ ᠬᠡᠷᠡᠭᠵᠢᠭᠦᠯᠦᠭᠰᠡᠨ ᠠᠴᠠ ᠭᠠᠳᠠᠨ᠎ᠠ᠂ ᠲᠠᠷᠢᠶᠠᠨ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠦᠵᠡᠭᠳᠡᠯ ᠭᠠᠷᠤᠭᠰᠠᠨ ᠥᠬᠡᠶ᠃ ᠣᠳᠣᠬᠠᠨ ᠳᠤ᠂ | ᠪᠥᠬᠦ ᠬᠤᠲᠠ ᠶᠢᠨ ᠤᠰᠤᠯᠠᠯᠲᠠ ᠶᠢᠨ ᠭᠠᠵᠠᠷ ᠤᠨ ᠲᠠᠯᠠᠪᠠᠶ 21.6 ᠲᠦᠮᠡᠨ ᠮᠥ ᠳᠤ ᠬᠦᠷᠴᠦ᠂ 5 ᠲᠦᠮᠡᠨ ᠮᠥ ᠶᠢᠨ ᠳᠤᠮᠳᠠ ᠳᠣᠤᠷ᠎ᠠ ᠤᠨᠠᠯᠲᠠ ᠲᠠᠢ ᠲᠠᠷᠢᠶᠠᠨ | ᠭᠠᠵᠠᠷ ᠢ ᠥᠭᠡᠷᠡᠴᠢᠯᠡᠨ᠂ 10 ᠲᠦᠮᠡᠨ ᠮᠥ ᠶᠢᠨ ᠬᠠᠯᠬᠠᠪᠴᠢ ᠣᠶ ᠶᠢ ᠪᠤᠶᠢᠵᠢᠭᠤᠯᠵᠤ᠂ 100 ᠲᠦᠮᠡᠨ ᠮᠥ ᠶᠢᠨ ᠲᠠᠷᠢᠶᠠᠨ ᠭᠠᠵᠠᠷ ᠢ ᠬᠠᠮᠠᠭᠠᠯᠠᠵᠠᠶ᠃ ᠪᠥᠬᠦ | ᠬᠤᠲᠠ ᠶᠢᠨ ᠣᠲᠣ ᠪᠠᠶᠢᠭ᠎ᠠ 30 ᠲᠦᠮᠡᠨ ᠮᠥ ᠶᠢᠨ ᠨᠠᠯᠠᠤᠴᠠ ᠨᠢ 5 ᠭᠷᠠᠳᠦ᠋ᠰ ᠠᠴᠠ ᠬᠡᠲᠦᠷᠡᠭᠰᠡᠨ ᠲᠠᠷᠢᠶᠠᠨ ᠭᠠᠵᠠᠷ ᠵᠢᠴᠢ ᠡᠯᠡᠰᠦᠷᠬᠡᠭᠵᠢᠭᠰᠡᠨ ᠬᠤᠵᠢᠷᠯᠢᠭ | ᠭᠠᠵᠠᠷ ᠂ ᠬᠤᠲᠤᠭᠤᠷ ᠭᠠᠵᠠᠷ ᠤᠨ ᠲᠠᠷᠢᠶᠠᠯᠠᠬᠤ ᠶᠢ ᠠᠯᠬᠤᠮ ᠠᠯᠬᠤᠮ ᠢᠶᠠᠷ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠨ᠂ ᠠᠮᠢ ᠠᠬᠤᠶ ᠶᠢᠨ | ᠣᠷᠴᠢᠨ ᠲᠤᠭᠤᠷᠢᠨ ᠢ ᠰᠠᠶᠢᠵᠢᠷᠠᠭᠤᠯᠤᠨ᠂ ᠰᠦᠨ ᠰᠦᠪᠡᠷᠬᠡᠭ ᠡᠪᠡᠰᠦᠨ ᠤ ᠬᠥᠭᠵᠢᠯᠲᠡ ᠶᠢ ᠳᠡᠮᠵᠢᠨ᠎ᠡ᠃ | | | 3. ᠮᠠᠯ ᠠᠵᠤ ᠠᠬᠤᠶ ᠶᠢᠨ ᠡᠬᠢ ᠪᠠᠶᠠᠯᠢᠭ | | | ᠮᠠᠯ ᠠᠵᠤ ᠠᠬᠤᠢ ᠨᠢ ᠬᠤᠳᠠ ᠶᠢᠨ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠲᠤᠯᠭᠠᠭᠤᠷᠢ ᠠᠵᠤ ᠦᠢᠯᠡᠰ ᠪᠣᠯᠤᠭᠰᠠᠨ ᠤ ᠬᠤᠪᠢ ᠳᠤ᠂ | ᠤᠯᠠᠨ ᠠᠴᠠ ᠬᠡᠲᠦᠶᠢᠳᠦᠭᠰᠡᠨ ᠡᠬᠢ ᠪᠠᠶᠠᠯᠢᠭ ᠤᠨ ᠪᠠᠲᠤᠯᠠᠭ᠎ᠠ ᠲᠠᠢ ᠶᠤᠮ᠃ ᠡᠩ ᠲᠡᠷᠢᠭᠦᠨ ᠳᠤ ᠂ ᠡᠷᠭᠦᠨ᠎ᠡ ᠭᠤᠤᠯ ᠤᠨ ᠰᠠᠪᠠ ᠭᠠᠵᠠᠷ ᠤᠨ ᠬᠤᠶᠠᠷ ᠡᠷᠭᠢ ᠶᠢᠨ | ᠤᠰᠤ ᠪᠡᠯᠴᠢᠭᠡᠷ ᠥᠩ ᠰᠢᠮᠡᠯᠢᠭ᠂ ᠬᠠᠳᠠᠭᠠᠯᠠᠭᠳᠠᠴᠠ ᠡᠯᠪᠡᠭ ᠪᠠᠶᠠᠯᠢᠭ ᠪᠠᠶᠢᠳᠠᠭ᠃ ᠡᠷᠭᠦᠨ᠎ᠡ ᠶᠢᠨ ᠪᠠᠶᠢᠭᠠᠯᠢ ᠶᠢᠨ ᠪᠡᠯᠴᠢᠭᠡᠷ ᠨᠢ ᠶᠡᠭᠡ ᠬᠢᠩᠭᠠᠨ ᠳᠠᠪᠠᠭᠠᠨ ᠤ | ᠪᠠᠷᠠᠭᠤᠨ ᠬᠤᠶᠢᠲᠤ ᠬᠤᠷᠮᠣᠶ ᠶᠢᠨ ᠬᠦᠢᠲᠡᠨ ᠰᠡᠷᠢᠭᠦᠨ ᠪᠦᠰᠡ ᠪᠠ ᠳᠤᠮᠳᠠ ᠰᠡᠷᠢᠭᠦᠨ ᠪᠦᠰᠡ ᠶᠢᠨ ᠠᠭᠤᠯᠵᠠᠷ ᠤᠨ ᠡᠷᠭᠦᠨ᠎ᠡ ᠭᠤᠤᠯ ᠤᠨ ᠰᠠᠪᠠ ᠭᠠᠵᠠᠷ ᠲᠤ | ᠪᠠᠶᠢᠳᠠᠭ᠃ ᠪᠥᠬᠦ ᠬᠤᠲᠠ ᠳᠤ ᠣᠲᠣ 545.71 ᠲᠦᠮᠡᠨ ᠮᠥ ᠡᠪᠡᠰᠦᠲᠦ ᠭᠠᠵᠠᠷ᠂ 209.02 ᠲᠦᠮᠡᠨ ᠾᠧᠺᠲ᠋ᠠᠷ ᠣᠶᠢᠲᠤ ᠭᠠᠵᠠᠷ ᠪᠣᠶ᠃ ᠤᠷᠭᠤᠭ᠎ᠠ | ᠮᠣᠳᠣᠨ ᠤ ᠬᠠᠳᠠᠭᠠᠯᠠᠮᠵᠢ 4553.9 ᠲᠦᠮᠡᠨ ᠪᠣᠰᠤᠭ᠎ᠠ ᠳᠥᠷᠪᠡᠯᠵᠢᠨ ᠮᠧᠲᠷ᠂ ᠨᠠᠷᠠᠲᠠᠶ ᠭᠤᠷᠪᠠᠨ ᠭᠤᠤᠯ ᠤᠨ ᠠᠳᠤᠭᠤ᠂ ᠭᠤᠷᠪᠠᠨ ᠭᠤᠤᠯ ᠤᠨ ᠦᠬᠡᠷ ᠤᠨ | ᠨᠤᠲᠤᠭ ᠪᠣᠯᠤᠨ᠎ᠠ ᠃ ᠡᠭᠦᠨ ᠳᠤ 409 ᠲᠦᠮᠡᠨ ᠮᠥ ᠪᠡᠯᠴᠢᠭᠡᠷ ᠢ ᠠᠰᠢᠭᠯᠠᠵᠤ ᠪᠣᠯᠤᠨ᠎ᠠ ᠃ ᠬᠥᠯᠥᠨ ᠪᠤᠶᠢᠷ ᠬᠤᠲᠠ ᠶᠢᠨ ᠲᠠᠯ᠎ᠠ ᠨᠤᠲᠤᠭ ᠤᠨ ᠴᠢᠬᠤᠯᠠ | ᠪᠦᠷᠢᠯᠳᠦᠬᠦᠨ ᠬᠡᠰᠡᠭ ᠮᠦᠨ᠃ ᠭᠠᠵᠠᠷ ᠤᠨ ᠪᠠᠶᠢᠴᠠ᠂ ᠭᠠᠵᠠᠷ ᠤᠨ ᠭᠠᠳᠠᠷᠭᠤ ᠶᠢ ᠦᠨᠳᠦᠰᠦᠯᠡᠨ ᠂ ᠠᠭᠤᠯᠠᠷᠬᠠᠭ ᠭᠠᠵᠠᠷ ᠤᠨ ᠨᠤᠭᠤ ᠭᠠᠵᠠᠷ᠂ ᠠᠭᠤᠯᠠᠷᠬᠠᠭ | ᠭᠠᠵᠠᠷ ᠤᠨ ᠨᠤᠭᠤ ᠭᠠᠵᠠᠷ ᠤᠨ ᠲᠠᠯ᠎ᠠ ᠨᠤᠲᠤᠭ ᠂ ᠳᠣᠪᠣᠷᠬᠠᠭ ᠭᠠᠵᠠᠷ ᠤᠨ ᠨᠤᠭᠤ ᠭᠠᠵᠠᠷ ᠤᠨ ᠲᠠᠯ᠎ᠠ ᠨᠤᠲᠤᠭ᠂ ᠨᠠᠮ ᠴᠢᠭᠢᠭᠯᠢᠭ ᠨᠤᠭᠤ ᠭᠠᠵᠠᠷ᠂ ᠨᠠᠮᠤᠭ ᠭᠠᠵᠠᠷ | ᠭᠡᠵᠦ ᠲᠠᠪᠤᠨ ᠶᠡᠭᠡ ᠲᠥᠷᠥᠯ ᠳᠤ ᠬᠤᠪᠢᠶᠠᠵᠤ᠂ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠲᠥᠷᠥᠯ ᠬᠡᠯᠪᠡᠷᠢ ᠪᠠᠷ ᠬᠠᠮᠤᠭ ᠤᠨ ᠪᠦᠷᠢᠨ | ᠬᠠᠳᠠᠭᠠᠯᠠᠭᠳᠠᠵᠤ ᠪᠠᠶᠢᠭ᠎ᠠ ᠪᠡᠯᠴᠢᠭᠡᠷ ᠪᠣᠯᠤᠨ᠎ᠠ᠃ | ᠣᠶᠢᠷ᠎ᠠ ᠶᠢᠨ ᠵᠢᠯ ᠳᠤ ᠂ ᠰᠦ ᠪᠣᠯᠪᠠᠰᠤᠷᠠᠭᠤᠯᠬᠤ ᠠᠵᠤ ᠠᠬᠤᠶᠢᠯᠠᠯ ᠢ ᠲᠠᠲᠠᠨ ᠠᠪᠴᠢᠷᠠᠬᠤ ᠶᠢ ᠳᠠᠭᠠᠯᠳᠤᠨ᠂ ᠰᠦᠨ ᠤ ᠦᠢᠯᠡᠰ ᠨᠢ ᠨᠢᠭᠡᠨᠲᠡ ᠪᠥᠬᠦ | ᠬᠤᠲᠠ ᠶᠢᠨ ᠭᠤᠷᠪᠠᠨ ᠶᠡᠭᠡ ᠲᠤᠯᠭᠠᠭᠤᠷᠢ ᠠᠵᠤ ᠦᠢᠯᠡᠰ ᠤᠨ ᠨᠢᠭᠡ ᠪᠣᠯᠤᠭᠰᠠᠨ ᠪᠠᠶᠢᠨ᠎ᠠ᠃ ᠰᠦᠨ ᠤ ᠦᠢᠯᠡᠰ ᠤᠨ ᠬᠥᠭᠵᠢᠯᠲᠡ ᠶᠢ ᠳᠠᠭᠠᠯᠳᠤᠨ᠂ ᠨᠤᠲᠤᠭ | ᠪᠡᠯᠴᠢᠭᠡᠷ ᠤᠨ ᠬᠠᠮᠠᠭᠠᠯᠠᠯᠲᠠ ᠶᠢᠨ ᠠᠯᠬᠤᠴᠠ ᠲᠦᠷᠭᠡᠳᠴᠡᠶ᠃ ᠤᠷᠢᠳ ᠬᠤᠵᠢᠳ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠬᠥᠮᠦᠨ ᠤ | ᠬᠦᠴᠦ ᠪᠠᠷ ᠡᠪᠡᠰᠦ ᠲᠠᠷᠢᠬᠤ᠂ ᠤᠯᠠᠷᠢᠯ ᠤᠨ ᠴᠢᠨᠠᠷᠲᠠᠶ ᠪᠡᠯᠴᠢᠭᠡᠷ ᠥᠨᠵᠢᠭᠦᠯᠬᠦ᠂ ᠲᠣᠭᠤᠷᠢᠭ ᠬᠤᠪᠢᠶᠠᠨ ᠰᠡᠯᠭᠦᠨ ᠮᠠᠯᠵᠢᠬᠤ᠂ ᠠᠮᠤ ᠪᠤᠳᠠᠭ᠎ᠠ ᠶᠢ ᠪᠠᠭᠠᠰᠬᠠᠨ | ᠲᠡᠵᠢᠭᠡᠯ ᠪᠣᠷᠳᠤᠭ᠎ᠠ ᠶᠢ ᠨᠡᠮᠡᠭᠳᠡᠭᠦᠯᠬᠦ ᠪᠠ ᠤᠰᠤ ᠠᠷᠪᠢᠯᠠᠬᠤ ᠬᠡᠯᠪᠡᠷᠢ ᠶᠢᠨ᠂ ᠬᠠᠮᠠᠭᠠᠯᠠᠯᠲᠠ ᠶᠢᠨ ᠬᠡᠯᠪᠡᠷᠢ ᠶᠢᠨ ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ | ᠬᠥᠭᠵᠢᠭᠦᠯᠬᠦ ᠨᠤᠲᠤᠭ ᠪᠡᠯᠴᠢᠭᠡᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠥᠷᠭᠡᠳᠬᠡᠬᠦ ᠵᠡᠷᠭᠡ ᠶᠢ ᠡᠬᠢᠯᠡᠭᠦᠯᠪᠡ᠃ ᠨᠡᠶᠢᠲᠡ 50 ᠭᠠᠷᠤᠶ ᠲᠦᠮᠡᠨ | ᠮᠥ ᠨᠤᠲᠤᠭ ᠪᠡᠯᠴᠢᠭᠡᠷ ᠢ ᠪᠥᠲᠥᠭᠡᠨ ᠪᠠᠶᠢᠭᠤᠯᠵᠤ ᠬᠠᠮᠠᠭᠠᠯᠠᠭᠰᠠᠨ ᠨᠢ ᠪᠠᠶᠢᠭᠠᠯᠢ ᠶᠢᠨ ᠨᠤᠲᠤᠭ ᠪᠡᠯᠴᠢᠭᠡᠷ ᠤᠨ ᠳᠠᠷᠤᠯᠲᠠ ᠶᠢ ᠵᠣᠬᠢᠬᠤ ᠬᠡᠮᠵᠢᠶ᠎ᠡ ᠪᠠᠷ ᠬᠥᠩᠭᠡᠷᠡᠭᠦᠯᠵᠦ᠂ | ᠮᠠᠯ ᠠᠵᠤ ᠠᠬᠤᠶ ᠶᠢᠨ ᠬᠥᠭᠵᠢᠯᠲᠡ ᠶᠢ ᠳᠥᠯᠭᠢᠨ ᠠᠬᠢᠭᠤᠯᠬᠤ ᠪᠠ ᠪᠥᠬᠦ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ | ᠢᠳᠡᠪᠬᠢᠲᠡᠶ ᠦᠢᠯᠡᠳᠦᠯ ᠦᠵᠡᠭᠦᠯᠦᠭᠰᠡᠨ ᠪᠠᠶᠢᠨ᠎ᠠ᠃ | ᠳᠠᠷᠠᠭᠠᠯᠠᠪᠠᠯ ᠂ ᠡᠷᠭᠦᠨ᠎ᠡ ᠬᠤᠲᠠ ᠶᠢᠨ ᠮᠠᠯ ᠲᠡᠵᠢᠭᠡᠪᠦᠷᠢ ᠶᠢᠨ ᠦᠢᠯᠡᠰ ᠥᠨᠢ ᠤᠳᠠᠭᠠᠨ ᠲᠡᠤᠬᠡ ᠲᠠᠢ ᠪᠠᠶᠢᠵᠤ᠂ ᠭᠤᠷᠪᠠᠨ ᠭᠤᠤᠯ ᠤᠨ ᠠᠳᠤᠭᠤ᠂ ᠭᠤᠷᠪᠠᠨ | ᠭᠤᠤᠯ ᠤᠨ ᠦᠬᠡᠷ ᠤᠨ ᠨᠠᠷᠠᠲᠤ ᠲᠡᠮᠳᠡᠭ ᠨᠢ ᠳᠣᠲᠣᠭᠠᠳᠤ ᠭᠠᠳᠠᠭᠠᠳᠤ ᠳᠤ ᠠᠯᠳᠠᠷᠲᠠᠶ ᠶᠤᠮ᠃ ᠡᠷᠭᠦᠨ᠎ᠡ ᠪᠣᠯ ᠭᠤᠷᠪᠠᠨ ᠭᠤᠣᠯ ᠤᠨ ᠠᠳᠤᠭᠤ ᠪᠠ ᠭᠤᠷᠪᠠᠨ | ᠭᠤᠣᠯ ᠤᠨ ᠦᠬᠡᠷ ᠤᠨ ᠨᠤᠲᠤᠭ ᠮᠦᠨ᠃ ᠭᠤᠷᠪᠠᠨ ᠭᠤᠣᠯ ᠤᠨ ᠠᠳᠤᠭᠤᠨ ᠤ ᠪᠦᠷᠢᠯᠳᠦᠯ ᠢ ᠬᠤᠷᠢᠳᠤᠭᠠᠷ ᠵᠠᠭᠤᠨ ᠤ ᠡᠬᠢᠨ ᠤ ᠦᠶ᠎ᠡ ᠠᠴᠠ 1934 ᠣᠨ ᠤ | ᠬᠠᠭᠤᠷᠮᠠᠭ ᠮᠠᠨᠵᠤ ᠤᠯᠤᠰ ᠤᠨ ᠦᠶ᠎ᠡ ᠬᠦᠷᠲᠡᠯ᠎ᠡ ᠮᠥᠷᠳᠡᠵᠦ ᠪᠣᠯᠤᠨ᠎ᠠ᠃ ᠣᠷᠣᠰ ᠤᠨ ᠬᠤᠶᠢᠲᠤ ᠪᠠᠶᠢᠭᠠᠯ ᠤᠨ ᠠᠳᠤᠭᠤ ᠵᠢᠴᠢ ᠲᠡᠭᠦᠨ ᠤ ᠰᠠᠶᠢᠵᠢᠷᠠᠭᠤᠯᠤᠭᠰᠠᠨ | ᠠᠳᠤᠭᠤ ᠪᠣᠯᠤᠨ ᠠᠩᠭ᠍ᠯᠤ᠋ ᠨᠤᠷᠮᠠᠨ᠂ ᠠᠩᠭ᠍ᠯᠤ᠋ ᠠᠷᠠᠪ᠂ ᠠᠩᠭ᠍ᠯᠢ ᠶᠢᠨ ᠴᠡᠪᠡᠷ ᠡᠭᠦᠯᠳᠡᠷ ᠤᠨ ᠠᠵᠢᠷᠭ᠎ᠠ ᠵᠡᠷᠭᠡ ᠨᠢ ᠬᠥᠯᠥᠨ ᠪᠤᠶᠢᠷ ᠤᠨ ᠲᠠᠯ᠎ᠠ ᠨᠤᠲᠤᠭ ᠤᠨ ᠡᠷᠭᠦᠨ᠎ᠡ | ᠭᠤᠤᠯ ᠤᠨ ᠰᠠᠪᠠ ᠭᠠᠵᠠᠷ ᠤᠨ ᠭᠤᠷᠪᠠᠨ ᠭᠤᠣᠯ ᠤᠨ ᠣᠷᠣᠨ ᠳᠤ ᠤᠤᠯ ᠤᠨ ᠮᠣᠩᠭᠤᠯ ᠠᠳᠤᠭᠤ ᠲᠠᠢ ᠨᠡᠶᠢᠯᠡᠯᠴᠡᠨ᠂ ᠦᠷᠡᠵᠢᠨ ᠲᠦᠯᠵᠢᠵᠦ᠂ ᠬᠡᠳᠦᠨ ᠠᠷᠪᠠᠨ | ᠵᠢᠯ ᠤᠨ ᠨᠠᠷᠢᠨ ᠨᠢᠮᠪᠠᠶ ᠪᠤᠶᠢᠵᠢᠭᠤᠯᠤᠯᠲᠠ ᠪᠠᠷ ᠳᠠᠮᠵᠢᠭᠠᠳ᠂ ᠡᠨᠡ ᠬᠦ ᠰᠢᠯᠢᠳᠡᠭ ᠠᠳᠤᠭᠤᠨ ᠤ ᠡᠭᠦᠯᠳᠡᠷ ᠢ ᠪᠦᠷᠢᠯᠳᠦᠭᠦᠯᠵᠡᠶ᠃ ᠲᠡᠷᠡ ᠨᠢ ᠦᠷᠨᠢᠨ ᠬᠦᠭᠵᠢᠭᠰᠡᠨ | ᠬᠤᠭᠤᠴᠠᠭᠠᠨ ᠳᠠᠭᠠᠨ 14 ᠲᠥᠷᠥᠯ ᠤᠨ ᠤᠳᠤᠮ ᠲᠠᠢ᠂ 5000 ᠭᠠᠷᠤᠶ ᠠᠳᠤᠭᠤ ᠲᠠᠢ ᠪᠠᠶᠢᠵᠤ᠂ 1986 ᠣᠨ ᠳᠤ ᠤᠯᠤᠰ ᠤᠨ ᠡᠭᠦᠯᠳᠡᠷ ᠤᠨ | ᠰᠢᠯᠭᠠᠯᠲᠠ ᠳᠤ ᠬᠢᠷᠢ ᠲᠡᠩᠴᠡᠵᠦ᠂ ᠭᠠᠵᠠᠷ ᠣᠷᠣᠨ ᠢᠶᠠᠷ ᠢᠶᠠᠨ ︽ᠭᠤᠷᠪᠠᠨ ᠭᠤᠤᠯ ᠤᠨ ᠠᠳᠤᠭᠤ︾ ᠭᠡᠵᠦ ᠨᠡᠷᠡᠶᠢᠳᠴᠡᠶ᠃ ᠭᠤᠷᠪᠠᠨ ᠭᠤᠤᠯ ᠤᠨ ᠠᠳᠤᠭᠤ ᠨᠢ | ᠮᠣᠩᠭᠤᠯ ᠦᠨᠳᠦᠰᠦᠲᠡᠨ ᠳᠤ ᠭᠦᠨ ᠵᠤᠵᠠᠭᠠᠨ ᠰᠣᠶᠣᠯ ᠤᠨ ᠠᠭᠤᠯᠬᠤᠨ ᠪᠠ ᠥᠨᠢ ᠤᠳᠠᠭᠠᠨ ᠲᠡᠤᠬᠡ ᠶᠢᠨ ᠤᠯᠠ ᠮᠦᠷ ᠲᠠᠢ ᠪᠣᠯᠬᠤᠷ᠂ ᠰᠢᠯᠢᠳᠡᠭ ᠠᠮᠢᠳᠤ | ᠪᠣᠳᠠᠰ ᠤᠨ ᠲᠥᠷᠥᠯ ᠤᠨ ᠬᠤᠪᠢ ᠪᠠᠷ ᠮᠠᠨ ᠤ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠦᠨᠳᠦᠰᠦᠨ ᠵᠢᠭᠠᠬᠤ ᠮᠠᠲ᠋ᠧᠷᠢᠶᠠᠯ ᠳᠤ ᠨᠠᠶᠢᠷᠠᠭᠤᠯᠤᠨ | ᠣᠷᠣᠭᠤᠯᠤᠭᠰᠠᠨ ᠪᠠᠶᠢᠨ᠎ᠠ᠃ ᠮᠥᠨ ᠴᠦ ᠮᠠᠨ ᠤ ᠤᠯᠤᠰ ᠪᠤᠯᠤᠨ ᠭᠠᠳᠠᠭᠠᠳᠤ ᠶᠢᠨ ᠠᠳᠤᠭᠤ ᠲᠠᠢ ᠥᠷᠢᠰᠥᠯᠳᠦᠵᠦ ᠪᠣᠯᠬᠤ ᠴᠤᠷ ᠤᠨ ᠭᠠᠭᠴᠠ ᠨᠤᠲᠤᠭ ᠤᠨ | ᠠᠳᠤᠭᠤ ᠪᠣᠯᠤᠨ᠎ᠠ᠂ ᠲᠡᠭᠦᠨ ᠤ 1000 ᠮᠧᠲᠷ ᠪᠠ 1600 ᠮᠧᠲᠷ ᠤᠨ ᠬᠤᠷᠳᠤᠴᠠ ᠨᠢ ᠴᠥᠮ ᠳᠡᠯᠡᠬᠡᠶ ᠶᠢᠨ ᠲᠡᠷᠢᠭᠦᠨ ᠳᠤ ᠪᠠᠶᠢᠵᠤ᠂ ᠠᠯᠢ ᠡᠷᠲᠡ | ᠬᠤᠷᠢᠳᠤᠭᠠᠷ ᠵᠠᠭᠤᠨ ᠤ ᠭᠤᠴᠢᠭᠠᠳ ᠣᠨ ᠤ ᠦᠶ᠎ᠡ ᠳᠤ ᠭᠤᠷᠪᠠᠨ ᠭᠤᠣᠯ ᠤᠨ ᠠᠳᠤᠭᠤ ᠤᠯᠠᠨ ᠤᠯᠤᠰ ᠤᠨ ᠠᠳᠤᠭᠤᠨ ᠤ ᠤᠷᠤᠯᠳᠤᠭᠠᠨ ᠤ ᠲᠠᠯᠠᠪᠤᠷ ᠲᠤ | ᠭᠠᠳᠠᠭᠠᠳᠤ ᠶᠢᠨ ᠠᠳᠤᠭᠤ ᠲᠠᠢ ᠥᠷᠢᠰᠥᠯᠳᠦᠵᠦ᠂ ᠤᠯᠤᠰ ᠤᠨ ᠳᠣᠲᠣᠭᠠᠳᠤ ᠳᠤ ᠬᠠᠨᠳᠤᠭᠰᠠᠨ ᠵᠦᠭ ᠲᠤ ᠳᠠᠶᠢᠰᠤᠨ ᠦᠭᠡᠢ ᠪᠠᠶᠢᠵᠤ᠂ ᠤᠯᠠᠨ ᠤᠳᠠᠭ᠎ᠠ ᠪᠦᠬᠦ | ᠤᠯᠤᠰ ᠤᠨ ᠲᠡᠮᠳᠡᠭᠯᠡᠯ ᠢ ᠡᠭᠦᠳᠴᠦ᠂ ᠪᠦᠬᠦ ᠳᠡᠯᠡᠬᠡᠶ ᠳᠤ ᠠᠯᠳᠠᠷᠰᠢᠭᠰᠠᠨ ᠶᠤᠮ᠃ ᠲᠡᠭᠦᠨ ᠤ ᠭᠠᠳᠠᠷ ᠪᠠᠶᠢᠳᠠᠯ ᠨᠢ ᠭᠤᠸ᠎ᠠ ᠰᠠᠶᠢᠬᠠᠨ᠂ ᠪᠦᠲᠦᠴᠡ ᠨᠢ ᠵᠢᠭᠳᠡ᠂ | ᠠᠪᠴᠠᠯᠳᠤᠩᠭᠤᠶ᠂ ᠪᠤᠯᠴᠢᠩ ᠮᠢᠬ᠎ᠠ ᠨᠢ ᠬᠥᠭᠵᠢᠭᠰᠡᠨ᠂ ᠳᠦᠷᠪᠡᠨ ᠮᠥᠴᠢ ᠨᠢ ᠴᠢᠭᠢᠷᠠᠭ᠂ ᠤᠳᠠᠭᠠᠨ ᠳᠠᠭᠠᠭᠠᠮᠠᠭᠠᠶ᠂ ᠲᠠᠷᠭᠤ ᠬᠦᠴᠦ ᠲᠠᠢ᠂ ᠪᠦᠳᠦᠭᠦᠯᠢᠭ | ᠲᠡᠵᠢᠭᠡᠯ ᠳᠤ ᠳᠠᠭᠠᠭᠠᠮᠠᠭᠠᠶ᠂ ᠡᠪᠡᠳᠴᠢᠨ ᠢ ᠡᠰᠡᠷᠭᠦᠴᠡᠬᠦ ᠴᠢᠳᠠᠪᠤᠷᠢ ᠪᠠ ᠵᠣᠬᠢᠴᠠᠬᠤ ᠴᠢᠨᠠᠷ ᠢᠶᠠᠷ ᠴᠢᠩᠭ᠎ᠠ᠂ ᠵᠠᠩ ᠠᠭᠠᠰᠢ ᠨᠢ ᠡᠶᠡᠯᠳᠡᠭ ᠵᠥᠭᠡᠯᠡᠨ ᠃ ᠮᠠᠨ ᠤ | ᠤᠯᠤᠰ ᠤᠨ ᠤᠨᠤᠭ᠎ᠠ ᠬᠥᠯᠭᠡᠨ ᠳᠤ ᠬᠡᠷᠡᠭᠯᠡᠬᠦ ᠠᠳᠤᠭᠤᠨ ᠤ ᠲᠦᠷᠦᠯ ᠤᠨ ᠨᠢᠭᠡ ᠪᠣᠯᠤᠨ᠎ᠠ᠃ ᠣᠶᠢᠷ᠎ᠠ ᠶᠢᠨ ᠵᠢᠯ ᠳᠤ ᠂ ᠮᠠᠰᠢ ᠣᠯᠠᠨ ᠭᠠᠳᠠᠭᠠᠳᠤ ᠶᠢᠨ | ᠬᠤᠳᠠᠯᠳᠤᠭᠠᠴᠢᠨ ᠬᠤᠯᠠ ᠭᠠᠵᠠᠷ ᠠᠴᠠ ᠨᠡᠷ᠎ᠡ ᠶᠢ ᠨᠢ ᠰᠣᠨᠣᠰᠤᠭᠠᠳ ᠬᠥᠯᠥᠨ ᠪᠤᠶᠢᠷ ᠤᠨ ᠲᠠᠯ᠎ᠠ ᠨᠤᠲᠤᠭ ᠲᠤ ᠢᠷᠡᠵᠦ᠂ ᠭᠤᠷᠪᠠᠨ ᠭᠤᠤᠯ ᠤᠨ ᠠᠳᠤᠭᠤᠨ ᠤ | ᠲᠠᠯ᠎ᠠ ᠨᠤᠲᠤᠭ ᠲᠤ ᠰᠦᠷᠦᠭᠯᠡᠨ ᠳᠠᠪᠬᠢᠵᠤ ᠪᠠᠶᠢᠭ᠎ᠠ ᠰᠦᠷᠯᠢᠭ ᠪᠠᠶᠢᠳᠠᠯ ᠪᠠ ᠰᠤᠯᠠ ᠰᠡᠯᠡᠭᠦᠤ ᠪᠠᠶᠢᠳᠠᠯ ᠢ ᠪᠠᠭ᠋ᠠᠷᠬᠠᠵᠤ ᠪᠠᠶᠢᠨ᠎ᠠ᠃ ᠣᠯᠠᠨ ᠵᠢᠯ ᠤᠨ ᠲᠤᠷᠰᠢ᠂ | ᠮᠠᠰᠢᠨᠴᠢᠯᠠᠭᠰᠠᠨ ᠦᠢᠯᠡᠳᠪᠦᠷᠢᠯᠡᠯ ᠤᠨ ᠬᠥᠭᠵᠢᠯᠲᠡ ᠶᠢ ᠳᠠᠭᠠᠯᠳᠤᠨ ᠭᠤᠷᠪᠠᠨ ᠭᠤᠣᠯ ᠤᠨ ᠠᠳᠤᠭᠤ ᠠᠭᠠᠵᠢᠮ ᠢᠶᠠᠷ ᠮᠠᠭᠤᠳᠠᠵᠤ᠂ ᠡᠨᠡ ᠬᠦ ᠰᠢᠯᠢᠳᠡᠭ ᠪᠣᠳᠠᠰ ᠤᠨ | ᠲᠥᠷᠥᠯ ᠢ ᠬᠠᠮᠠᠭᠠᠯᠠᠬᠤ ᠶᠢᠨ ᠲᠥᠯᠥᠭᠡ᠂ 2001 ᠣᠨ ᠳᠤ ᠵᠠᠰᠠᠭ ᠤᠨ ᠣᠷᠳᠣᠨ ᠠᠴᠠ ᠭᠤᠷᠪᠠᠨ ᠭᠤᠣᠯ ᠤᠨ ᠠᠳᠤᠭᠤᠨ ᠤ ᠨᠡᠷᠡᠲᠦ ᠲᠡᠮᠳᠡᠭ ᠤᠨ ᠳᠠᠪᠠᠭᠤᠯᠢᠭ ᠢ | ᠠᠰᠢᠭᠯᠠᠨ ᠂ ᠠᠵᠤ ᠦᠢᠯᠡᠰ ᠪᠤᠯᠭᠠᠵᠤ᠂ ᠭᠠᠳᠠᠨ᠎ᠠ ᠠᠴᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ ᠪᠦᠬᠦ ᠤᠯᠤᠰ ᠤᠨ | ᠬᠡᠪᠴᠢᠶᠡᠨ ᠳᠤ ᠲᠠᠨᠢᠯᠴᠠᠭᠤᠯᠵᠤ᠂ ᠥᠪᠥᠷ ᠮᠣᠩᠭᠤᠯ ᠤᠨ ᠬᠤᠷᠴᠢᠨ ᠤ ᠦᠬᠡᠷ ᠤᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠠᠩᠬᠠᠷᠤᠯ ᠢ | ᠲᠠᠲᠠᠵᠤ᠂ ᠡᠭᠦᠯᠳᠡᠷ ᠢ ᠬᠠᠮᠠᠭᠠᠯᠠᠬᠤ ᠳᠤ ᠪᠠᠯᠠ ᠣᠷᠣᠭᠤᠯᠤᠨ᠂ ᠠᠳᠤᠭᠤᠨ ᠤ ᠦᠢᠯᠡᠰ ᠤᠨ ᠬᠥᠭᠵᠢᠯᠲᠡ ᠶᠢᠨ ᠰᠠᠭᠤᠷᠢᠨ ᠭᠠᠵᠠᠷ ᠪᠠᠶᠢᠭᠤᠯᠵᠤ᠂ ᠠᠳᠤᠭᠤᠨ ᠤ | ᠰᠢᠷᠢᠰ ᠠᠵᠤ ᠦᠢᠯᠡᠰ ᠢ ᠨᠡᠭᠡᠭᠡᠨ ᠬᠥᠭᠵᠢᠭᠦᠯᠵᠦ᠂ ᠮᠣᠷᠢᠨ ᠮᠡᠷᠭᠡᠵᠢᠯ ᠤᠨ ᠰᠤᠷᠭᠠᠭᠤᠯᠢ᠂ ᠠᠳᠤᠭᠤᠨ ᠤ ᠮᠦᠽᠧᠶ ᠪᠠ ᠮᠣᠷᠢ ᠤᠷᠤᠯᠳᠤᠬᠤ ᠲᠠᠯᠠᠪᠠᠶ ᠪᠠᠶᠢᠭᠤᠯᠵᠤ᠂ | ᠰᠢᠯᠢᠳᠡᠭ ᠡᠭᠦᠯᠳᠡᠷ ᠤᠨ ᠠᠳᠤᠭᠤ ᠶᠢ ᠳᠠᠬᠢᠨ ᠣᠷᠣᠭᠤᠯᠤᠨ ᠠᠪᠴᠢᠷᠠᠵᠤ᠂ ᠭᠠᠳᠠᠭᠠᠳᠤ ᠶᠢᠨ ᠴᠡᠪᠡᠷ ᠡᠭᠦᠯᠳᠡᠷ ᠤᠨ ᠠᠳᠤᠭᠤᠨ ᠠᠴᠠ ᠳᠠᠪᠠᠭᠰᠠᠨ ᠭᠤᠷᠪᠠᠨ | ᠭᠤᠤᠯ ᠤᠨ ᠤᠷᠤᠯᠳᠤᠭᠠᠨ ᠤ ᠠᠳᠤᠭᠤ ᠶᠢ ᠨᠠᠷᠢᠨ ᠨᠢᠮᠪᠠᠶ ᠪᠤᠶᠢᠵᠢᠭᠤᠯᠤᠨ᠂ ᠭᠤᠷᠪᠠᠨ ᠭᠤᠤᠯ ᠤᠨ ᠠᠳᠤᠭᠤᠨ ᠤ ᠬᠡᠷᠡᠯ ᠰᠠᠴᠤᠷᠠᠩᠭᠤᠶ ᠲᠡᠤᠬᠡ ᠶᠢ ᠦᠷᠭᠦᠯᠵᠢᠯᠡᠨ | ᠪᠢᠴᠢᠭᠯᠡᠬᠦ ᠪᠠᠷ ᠲᠣᠭᠲᠠᠵᠠᠶ᠃ | ᠭᠤᠷᠪᠠᠨ ᠭᠤᠤᠯ ᠤᠨ ᠦᠬᠡᠷ ᠪᠣᠯ ᠮᠠᠨ ᠤ ᠤᠯᠤᠰ ᠤᠨ ᠰᠦ ᠮᠢᠬᠠᠨ ᠤ ᠰᠢᠯᠢᠳᠡᠭ ᠡᠭᠦᠯᠳᠡᠷ ᠮᠥᠨ᠂ ᠨᠢᠭᠡᠨᠲᠡ ᠬᠡᠳᠦᠨ ᠠᠷᠪᠠᠨ ᠵᠢᠯ ᠤᠨ | ᠪᠤᠶᠢᠵᠢᠭᠤᠯᠤᠯᠲᠠ ᠶᠢᠨ ᠲᠡᠤᠬᠡ ᠲᠠᠢ ᠪᠣᠯᠵᠠᠶ ᠃ ᠢᠯᠠᠩᠭᠤᠶ᠎ᠠ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ ᠂ ᠡᠯ᠎ᠡ | ᠱᠠᠲᠤᠨ ᠤ ᠨᠠᠮ ᠵᠠᠰᠠᠭ ᠤᠨ ᠤᠳᠤᠷᠢᠳᠤᠯᠭ᠎ᠠ ᠨᠠᠷ ᠴᠥᠮ ᠭᠤᠷᠪᠠᠨ ᠭᠤᠤᠯ ᠤᠨ ᠦᠬᠡᠷ ᠢ ᠰᠣᠩᠭᠤᠨ ᠪᠤᠶᠢᠵᠢᠭᠤᠯᠬᠤ ᠶᠢ ᠲᠦᠢᠯ ᠢᠶᠠᠷ ᠠᠩᠬᠠᠷᠴᠤ ᠪᠠᠶᠢᠪᠠ᠃ | 1954 ᠣᠨ ᠪᠠ 1955 ᠣᠨ ᠳᠤ ᠂ ᠵᠥᠪᠯᠡᠯᠲᠦ ᠶᠢᠨ ᠬᠠᠷᠢᠶᠠᠲᠤ ᠵᠢᠴᠢ ᠲᠤᠬᠠᠶ ᠶᠢᠨ ᠭᠠᠵᠠᠷ ᠤᠨ ᠠᠷᠠᠳ ᠲᠦᠮᠡᠨ ᠤ ᠲᠡᠵᠢᠭᠡᠵᠦ ᠪᠠᠶᠢᠭᠰᠠᠨ ᠭᠤᠷᠪᠠᠨ | ᠭᠤᠣᠯ ᠤᠨ ᠦᠬᠡᠷ ᠢ ᠬᠤᠳᠠᠯᠳᠤᠨ ᠠᠪᠤᠭᠰᠠᠨ ᠰᠠᠭᠤᠷᠢᠨ ᠳᠡᠭᠡᠷ᠎ᠡ᠂ ᠦᠬᠡᠷ ᠲᠡᠵᠢᠭᠡᠬᠦ ᠪᠠᠷ ᠭᠤᠣᠯ ᠪᠣᠯᠭᠠᠭᠰᠠᠨ 20 ᠤᠯᠤᠰ ᠠᠴᠠ ᠡᠵᠡᠩᠨᠡᠭᠰᠡᠨ ᠮᠠᠯᠵᠢᠯ ᠤᠨ | ᠲᠠᠯᠠᠪᠠᠢ ᠶᠢ ᠲᠦᠯᠦᠪᠯᠡᠨ ᠪᠠᠶᠢᠭᠤᠯᠵᠤ᠂ ᠲᠥᠯᠥᠪᠯᠡᠭᠡ ᠲᠠᠢ ᠪᠠᠷ ᠰᠣᠩᠭᠤᠨ ᠪᠤᠶᠢᠵᠢᠭᠤᠯᠵᠤ ᠳᠡᠭᠡᠭᠰᠢᠯᠡᠭᠦᠯᠪᠡ ᠃ ᠬᠠᠶᠢᠯᠠᠷ ᠤᠨ ᠲᠠᠷᠢᠶᠠᠯᠠᠩ ᠤᠨ ᠲᠠᠯᠠᠪᠠᠢ ᠶᠢᠨ | ᠬᠠᠮᠢᠶᠠᠷᠤᠯᠲᠠ ᠶᠢᠨ ᠲᠣᠪᠴᠢᠶᠠᠨ ᠤ ᠥᠷᠭᠡᠨ ᠤᠯᠠᠨ ᠠᠵᠢᠯᠳᠠᠨ ᠠᠵᠢᠯᠴᠢᠨ ᠪᠠ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠳᠠᠨ ᠤ 30 | ᠭᠠᠷᠤᠶ ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠨ ᠂ ᠦᠬᠡᠷ ᠤᠨ ᠡᠭᠦᠯᠳᠡᠷ ᠢ ᠦᠨᠳᠦᠰᠦᠨ ᠳᠡᠭᠡᠨ ᠪᠤᠶᠢᠵᠢᠭᠤᠯᠵᠤ᠂ 1986 ᠣᠨ ᠳᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠵᠢᠩᠬᠢᠨᠢ ᠪᠠᠷ ᠰᠢᠯᠭᠠᠨ ᠠᠪᠴᠤ ᠂ ︽ᠥᠪᠥᠷ ᠮᠣᠩᠭᠤᠯ ᠤᠨ ᠭᠤᠷᠪᠠᠨ ᠭᠤᠣᠯ ᠤᠨ | ᠦᠬᠡᠷ︾ ᠭᠡᠵᠦ ᠨᠡᠷᠡᠶᠢᠳᠴᠡᠶ᠃ ᠣᠲᠣ ᠂ ᠭᠤᠤᠯᠳᠠᠭᠤ ᠬᠥᠯᠥᠨ ᠪᠤᠶᠢᠷ ᠬᠤᠲᠠ ᠶᠢᠨ ᠡᠷᠭᠦᠨ᠎ᠡ ᠬᠤᠲᠠ᠂ ᠬᠠᠭᠤᠴᠢᠨ ᠪᠠᠷᠭᠤ ᠬᠤᠰᠢᠭᠤ ᠵᠢᠴᠢ ᠳᠠᠪᠠᠭᠠᠨ ᠤ | ᠬᠤᠶᠢᠲᠤ ᠬᠡᠰᠡᠭ ᠤᠨ ᠲᠡᠮᠦᠷ ᠵᠠᠮ ᠳᠠᠭᠠᠤ ᠣᠷᠣᠨ ᠢᠶᠠᠷ ᠲᠠᠷᠬᠠᠵᠤ᠂ ᠶᠠᠰᠤ ᠴᠢᠨᠠᠷ ᠢᠶᠠᠷ ᠬᠠᠮᠤᠭ ᠤᠨ ᠰᠠᠶᠢᠨ ᠨᠢ ᠬᠠᠶᠢᠯᠠᠷ ᠤᠨ ᠲᠠᠷᠢᠶᠠᠯᠠᠩ ᠤᠨ ᠲᠠᠯᠠᠪᠠᠶ ᠶᠢᠨ | ᠬᠠᠮᠢᠶᠠᠷᠤᠯᠲᠠ ᠶᠢᠨ ᠲᠤᠪᠴᠢᠶᠠᠨ ᠤ ᠡᠯ᠎ᠡ ᠲᠠᠷᠢᠶᠠᠯᠠᠩ ᠮᠠᠯᠵᠢᠯ ᠤᠨ ᠲᠠᠯᠠᠪᠠᠶ ᠳᠤ ᠪᠠᠶᠢᠵᠤ᠂ ᠶᠡᠷᠦᠩᠬᠡᠶ ᠲᠤᠭ᠎ᠠ ᠨᠢ ᠪᠠᠷᠤᠭ 8 ᠲᠦᠮᠡᠨ ᠲᠤᠯᠤᠭᠠᠢ ᠪᠠᠶᠢᠨ᠎ᠠ᠃ | ᠭᠤᠷᠪᠠᠨ ᠭᠤᠣᠯ ᠤᠨ ᠦᠬᠡᠷ ᠤᠨ ᠵᠣᠬᠢᠴᠠᠬᠤ ᠴᠢᠨᠠᠷ ᠨᠢ ᠴᠢᠩᠭ᠎ᠠ᠂ ᠪᠦᠳᠦᠭᠦᠯᠢᠭ ᠪᠤᠷᠳᠤᠭᠠᠨ ᠳᠤ ᠳᠠᠭᠠᠭᠠᠮᠠᠭᠠᠶ᠂ ᠥᠨᠳᠥᠷ ᠬᠦᠢᠲᠡᠨ ᠢ ᠳᠠᠭᠠᠭᠠᠵᠤ᠂ ᠡᠪᠡᠳᠴᠢᠨ ᠢ | ᠡᠰᠡᠷᠭᠦᠴᠡᠬᠦ ᠴᠢᠳᠠᠪᠤᠷᠢ ᠨᠢ ᠴᠢᠩᠭ᠎ᠠ᠂ ᠠᠷᠠᠴᠢᠯᠠᠵᠤ ᠲᠡᠵᠢᠭᠡᠬᠦ ᠳᠤ ᠲᠣᠬᠢᠷᠠᠮᠵᠢᠲᠠᠶ᠂ ᠰᠦᠨ ᠤ ᠥᠭᠡᠬᠦ ᠶᠢᠨ ᠨᠤᠷᠮ᠎ᠠ ᠥᠨᠳᠥᠷ᠂ ᠤᠳᠤᠮᠰᠢᠯ ᠤᠨ ᠴᠢᠳᠠᠪᠬᠢ ᠨᠢ | ᠲᠣᠭᠲᠠᠪᠤᠷᠢᠲᠠᠶ ᠪᠠᠶᠢᠳᠠᠭ᠃ ᠦᠰᠦᠨ ᠤ ᠥᠩᠭᠡ ᠨᠢ ᠤᠯᠠᠭᠠᠨ ︵ᠰᠢᠷ᠎ᠠ︶ ᠴᠠᠭᠠᠨ ᠠᠯᠠᠭ ᠪᠠ ᠬᠠᠷ᠎ᠠ ᠴᠠᠭᠠᠨ ᠠᠯᠠᠭ ᠪᠠᠶᠢᠵᠤ᠂ ᠪᠡᠶ᠎ᠡ ᠨᠢ ᠲᠣᠮᠣ ᠪᠥᠭᠡᠳ | ᠲᠤᠷᠪᠢᠯᠢᠭ᠂ ᠳᠥᠷᠪᠡᠨ ᠮᠥᠴᠢ ᠨᠢ ᠴᠢᠭᠢᠷᠠᠭ᠂ ᠮᠦᠴᠢᠨ ᠤ ᠬᠡᠯᠪᠡᠷᠢ ᠨᠢ ᠲᠡᠭᠰᠢᠬᠡᠨ ᠂ ᠬᠥᠬᠦᠨ ᠤ ᠶᠡᠭᠡ ᠪᠠᠭ᠎ᠠ ᠨᠢ ᠳᠤᠮᠳᠠ᠂ ᠬᠦᠬᠦᠨ ᠤ ᠨᠠᠮᠵᠢᠭᠤᠨ ᠰᠤᠳᠠᠯ ᠨᠢ | ᠢᠯᠡᠷᠬᠡᠶ ᠮᠤᠷᠦ᠋ᠢᠵᠤ᠂ ᠬᠥᠬᠦᠨ ᠲᠣᠪᠴᠢ ᠶᠢᠨ ᠶᠡᠭᠡ ᠪᠠᠭ᠎ᠠ ᠨᠢ ᠲᠣᠬᠢᠷᠠᠮᠵᠢᠲᠠᠶ ᠪᠠᠶᠢᠳᠠᠭ᠃ ᠭᠤᠷᠪᠠᠨ ᠭᠤᠤᠯ ᠤᠨ ᠦᠬᠡᠷ ᠤᠨ ᠭᠤᠤᠯ ᠦᠢᠯᠡᠳᠪᠦᠷᠢᠯᠡᠯ ᠤᠨ ᠰᠢᠨᠵᠢ | ᠴᠢᠳᠠᠪᠤᠷᠢ᠄ ᠰᠠᠭᠠᠯᠢ ᠶᠢᠨ ᠰᠢᠨᠵᠢ ᠴᠢᠳᠠᠪᠤᠷᠢ᠂ ᠨᠢᠭᠡᠳᠦᠭᠡᠷ ᠳᠡᠰ ᠤᠨ ᠦᠨᠢᠶᠡᠨ ᠤ ᠳᠤᠮᠳᠠᠴᠢ ᠰᠦᠨ ᠤ ᠭᠠᠷᠤᠯᠲᠠ 4000 ᠺᠢᠯᠣᠭ᠍ᠷᠠᠮ ᠳᠤ ᠬᠦᠷᠴᠦ᠂ ᠰᠦᠨ ᠤ | ᠥᠭᠡᠬᠦ ᠶᠢᠨ ᠨᠣᠷᠮ᠎ᠠ 4% ᠳᠤ ᠬᠦᠷᠴᠦ᠂ ᠭᠤᠤᠯ ᠰᠦᠷᠦᠭ᠂ ᠰᠦᠷᠦᠭᠵᠢᠯ ᠤᠨ ᠰᠦᠨ ᠤ ᠭᠠᠷᠤᠯᠲᠠ ᠳᠤᠮᠳᠠᠴᠢ ᠪᠠᠷ 3 ᠲᠤᠨ ᠠᠴᠠ ᠳᠡᠭᠡᠭᠰᠢ ᠪᠠᠶᠢᠵᠤ ᠂ | ᠦᠷ᠎ᠡ ᠶᠢᠨ ᠦᠨᠢᠶᠡᠨ ᠤ ᠰᠦᠨ ᠤ ᠭᠠᠷᠤᠯᠲᠠ 305 ᠡᠳᠦᠷ ᠤᠨ ᠬᠠᠮᠤᠭ ᠤᠨ ᠥᠨᠳᠥᠷ ᠭᠠᠷᠤᠯᠲᠠ 7702.5 ᠺᠢᠯᠣᠭ᠍ᠷᠠᠮ ᠳᠤ ᠭᠦᠷᠦᠨ᠎ᠡ᠃ ᠲᠡᠭᠦᠨ ᠤ ᠮᠢᠬᠠᠨ ᠤ | ᠰᠢᠨᠵᠢ ᠴᠢᠳᠠᠪᠤᠷᠢ᠂ 18 ᠰᠠᠷ᠎ᠠ ᠠᠴᠠ ᠳᠡᠭᠡᠭᠰᠢᠬᠢ ᠤᠬᠤᠷ ᠬᠤᠭᠤᠴᠠᠭᠠᠨ ᠳᠤ ᠪᠣᠷᠳᠣᠵᠤ ᠲᠠᠷᠭᠤᠯᠠᠭᠤᠯᠤᠭᠰᠠᠨ ᠤ ᠳᠠᠷᠠᠭ᠎ᠠ ᠠᠭᠲᠠᠯᠠᠭᠰᠠᠨ ᠦᠬᠡᠷ ᠤᠨ ᠨᠢᠲᠤᠯᠬᠤ | ᠨᠣᠷᠮ᠎ᠠ ᠨᠢ 50% ᠤᠷᠴᠢᠮ ᠪᠠᠶᠢᠵᠤ᠂ ᠴᠡᠪᠡᠷ ᠮᠢᠬᠠᠨ ᠤ ᠨᠣᠷᠮ᠎ᠠ ᠨᠢ 40 — 48% ᠬᠦᠷᠴᠦ ᠪᠠᠶᠢᠳᠠᠭ᠃ | | | 4. ᠠᠭᠤᠷ ᠠᠮᠢᠰᠬᠤᠯ ᠤᠨ ᠡᠬᠢ ᠪᠠᠶᠠᠯᠢᠭ | | | ᠡᠷᠭᠦᠨ᠎ᠡ ᠬᠤᠲᠠ ᠪᠣᠯ ᠬᠦᠢᠲᠡᠨ ᠰᠡᠷᠢᠭᠦᠨ ᠪᠦᠰᠡᠨ ᠤ ᠡᠬᠡ ᠭᠠᠵᠠᠷ ᠤᠨ ᠴᠢᠨᠠᠷᠲᠠᠶ ᠠᠭᠤᠷ ᠠᠮᠢᠰᠬᠤᠯ ᠳᠤ ᠬᠠᠷᠢᠶᠠᠯᠠᠭᠳᠠᠨ᠂ ᠳᠥᠷᠪᠡᠨ ᠤᠯᠠᠷᠢᠯ ᠲᠣᠳᠣᠷᠬᠠᠶ ᠂ | ᠠᠭᠤᠷ ᠠᠮᠢᠰᠬᠤᠯ ᠰᠡᠷᠢᠭᠦᠨ ᠪᠠᠶᠢᠳᠠᠭ᠃ 2023 ᠣᠨ ᠤ ᠳᠤᠮᠳᠠᠴᠢ ᠠᠭᠠᠷ ᠤᠨ ᠳᠤᠯᠠᠭᠠᠨ ᠨᠢ -3.9℃ — -1.1℃ ᠤᠨ ᠬᠤᠭᠤᠷᠣᠨᠳᠣ ᠪᠠᠶᠢᠵᠤ᠂ | ᠲᠤᠨᠳᠠᠰᠤᠨ ᠤ ᠬᠡᠮᠵᠢᠶ᠎ᠡ ᠨᠢ 147.4 ᠮᠢᠯᠢᠮᠧᠲᠷ — 410.7 ᠮᠢᠯᠢᠮᠧᠲᠷ ᠬᠦᠷᠴᠦ᠂ ᠨᠡᠷᠡᠨ ᠤ ᠲᠤᠰᠤᠯᠲᠠ ᠶᠢᠨ ᠴᠠᠭ ᠬᠤᠭᠤᠴᠠᠭ᠎ᠠ ᠨᠢ 2405 — | 2957 ᠴᠠᠭ ᠪᠣᠯᠤᠨ᠎ᠠ᠃ ᠭᠠᠵᠠᠷ ᠤᠨ ᠭᠠᠳᠠᠷᠭᠤ ᠨᠢ ᠳᠣᠪᠣᠷᠬᠠᠭ ᠭᠠᠵᠠᠷ ᠦᠷᠭᠦᠯᠵᠢᠯᠡᠨ ᠂ ᠲᠠᠯ᠎ᠠ ᠨᠤᠲᠤᠭ ᠥᠷᠭᠡᠨ ᠠᠭᠤᠳᠠᠮ᠂ ᠭᠤᠣᠯ ᠮᠥᠷᠡᠨ ᠦᠢ ᠣᠯᠠᠨ᠂ | ᠤᠷᠭᠤᠮᠠᠯ ᠤᠨ ᠬᠤᠴᠢᠯᠭ᠎ᠠ ᠢᠭᠴᠤ ᠰᠠᠬᠤᠯᠢᠭ᠂ ᠠᠮᠢᠲᠠᠨ ᠤᠷᠭᠤᠮᠠᠯ ᠤᠨ ᠲᠥᠷᠥᠯ ᠵᠦᠢᠯ ᠣᠯᠠᠨ ᠠᠷᠪᠢᠨ ᠂ ᠠᠮᠢ ᠠᠬᠤᠶ ᠶᠢᠨ ᠣᠷᠴᠢᠨ ᠲᠣᠭᠤᠷᠢᠨ ᠨᠢ ᠭᠤᠶᠤ | ᠰᠠᠶᠢᠬᠠᠨ ᠪᠠᠶᠢᠨ᠎ᠠ᠃ ᠵᠢᠯ ᠤᠨ ᠳᠥᠷᠪᠡᠨ ᠤᠯᠠᠷᠢᠯ ᠤᠨ ᠦᠵᠡᠮᠵᠢ ᠨᠢ ᠵᠢᠷᠤᠭ ᠰᠢᠭ ᠰᠠᠶᠢᠬᠠᠨ ᠃ ᠬᠠᠪᠤᠷ ᠤᠨ ᠤᠯᠠᠷᠢᠯ ᠳᠤ ᠂ ᠮᠥᠰᠥ ᠴᠠᠰᠤ ᠬᠠᠶᠢᠯᠵᠤ᠂ ᠭᠤᠤᠯ | ᠭᠤᠷᠤᠬ᠎ᠠ ᠰᠤᠯᠪᠢᠴᠠᠯᠳᠤᠨ᠂ ᠪᠤᠯᠠᠭ ᠤᠨ ᠤᠰᠤ ᠪᠤᠷᠭᠢᠯᠤᠨ᠎ᠠ᠃ ᠵᠤᠨ ᠤ ᠤᠯᠠᠷᠢᠯ ᠳᠤ ᠂ ᠬᠠᠷᠠᠭ᠎ᠠ ᠳᠦᠭᠦᠷᠡᠩ ᠨᠣᠮᠢᠨ ᠨᠣᠭᠤᠭᠠᠨ᠂ ᠠᠭᠤᠯᠠ ᠨᠢ ᠬᠡᠬᠡᠮᠰᠦᠭ | ᠤᠰᠤ ᠨᠢ ᠲᠤᠩᠭᠠᠯᠠᠭ᠂ ᠪᠣᠯᠵᠣᠮᠣᠷ ᠰᠢᠪᠠᠭᠤ ᠳᠣᠩᠭᠤᠳᠴᠤ ᠂ ᠬᠤᠸᠠᠷ ᠴᠡᠴᠡᠭ ᠠᠩᠬᠢᠯᠤᠮ᠎ᠠ ᠰᠠᠶᠢᠬᠠᠨ ᠪᠠᠶᠢᠳᠠᠭ ᠃ ᠨᠠᠮᠤᠷ ᠤᠨ ᠤᠯᠠᠷᠢᠯ ᠳᠤ ᠂ ᠠᠭᠤᠯᠠ | ᠨᠢᠷᠤᠭᠤᠳ ᠤᠯᠠᠭᠠᠷᠠᠨ ᠂ ᠡᠯᠪᠡᠭ ᠳᠡᠯᠪᠡᠭ ᠵᠢᠮᠢᠰᠯᠡᠵᠦ᠂ ᠬᠦᠬᠡ ᠣᠭᠲᠠᠷᠭᠤᠶ ᠴᠡᠯᠮᠡᠭᠰᠢᠨ᠎ᠡ᠃ ᠡᠪᠦᠯ ᠤᠨ ᠤᠯᠠᠷᠢᠯ ᠳᠤ ᠂ ᠮᠦᠰᠦ ᠴᠠᠰᠤᠨ ᠳᠤ ᠬᠤᠴᠢᠭᠳᠠᠨ᠂ | ᠮᠥᠩᠭᠦᠨ ᠴᠠᠭᠠᠨ ᠶᠢᠷᠲᠢᠨᠴᠦ ᠪᠤᠯᠵᠤ᠂ ᠲᠦᠮᠡᠨ ᠪᠣᠳᠠᠰ ᠨᠠᠮ ᠵᠢᠮ ᠪᠤᠯᠤᠨ᠎ᠠ᠃ ᠡᠨᠡ ᠪᠣᠯ ᠪᠠᠶᠢᠭᠠᠯᠢ ᠪᠠ ᠭᠤᠸ᠎ᠠ ᠰᠠᠶᠢᠬᠠᠨ ᠤ ᠵᠤᠬᠢᠴᠠᠯ ᠮᠦᠨ᠂ ᠵᠤᠭᠠᠴᠠᠨ | ᠲᠣᠭᠤᠷᠢᠬᠤ ᠬᠠᠮᠤᠭ ᠤᠨ ᠰᠠᠶᠢᠨ ᠭᠠᠵᠠᠷ ᠮᠥᠨ᠃ |