ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠂ ᠰᠤᠷᠭᠠᠨ ᠬᠥᠮᠦᠵᠢᠯ ᠤᠨ ᠶᠠᠮᠤᠨ ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ ᠬᠠᠮᠲᠤᠷᠠᠨ ᠣᠶᠢᠷ᠎ᠠ ᠳᠤ ᠠᠯᠪᠠᠨ ᠵᠠᠷ ᠨᠡᠶᠢᠲᠡᠯᠡᠵᠦ ᠂ ᠬᠡᠦᠬᠡᠳ ᠪᠠ ᠰᠤᠷᠤᠬᠴᠢ ᠶᠢᠨ ᠭᠤᠤᠯ ᠬᠡᠷᠡᠭᠰᠡᠯ ᠤᠨ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠬᠤ ᠪᠠᠷ ᠪᠤᠢ ᠃ ᠬᠡᠦᠬᠡᠳ ᠪᠣᠯᠤᠨ ᠰᠤᠷᠤᠬᠴᠢ ᠶᠢᠨ ᠬᠡᠷᠡᠭᠰᠡᠯ ᠦᠢᠯᠡᠳᠪᠦᠷᠢᠯᠡᠬᠦ ᠨᠢᠭᠡᠴᠡ ᠨᠦᠭᠦᠳ ᠤᠯᠤᠰ ᠤᠨ ᠬᠤᠯᠪᠣᠭᠳᠠᠯ | ᠪᠦᠬᠦᠢ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠵᠣᠬᠢᠶᠠᠨ ᠪᠠᠶᠢᠭᠤᠯᠤᠨ ᠦᠢᠯᠡᠳᠪᠦᠷᠢᠯᠡᠵᠦ ᠂ ᠬᠡᠷᠡᠭᠯᠡᠬᠦ ᠦᠶ᠎ᠡ ᠳᠤ ᠠᠮᠤᠷ | ᠲᠦᠪᠰᠢᠨ ᠤ ᠲᠦᠭᠰᠢᠭᠦᠷᠢ ᠲᠠᠢ ᠪᠤᠶᠤ ᠬᠦᠴᠦᠷᠬᠡᠭᠯᠡᠯ ᠤᠨ ᠬᠡᠯᠪᠡᠷᠢᠯ ᠢ ᠠᠮᠠᠷᠬᠠᠨ ᠡᠭᠦᠰᠭᠡᠬᠦ ᠬᠡᠦᠬᠡᠳ ᠪᠠ ᠰᠤᠷᠤᠭᠴᠢ ᠶᠢᠨ ᠬᠡᠷᠡᠭᠰᠡᠯ ᠵᠢᠴᠢ ᠲᠤᠰᠤᠨ ᠪᠢᠷ ᠤᠨ | ᠬᠢᠲᠤᠭ᠎ᠠ ᠂ ᠯᠤᠤᠪᠠᠩ ᠤᠨ ᠬᠢᠲᠤᠭ᠎ᠠ ᠂ ᠯᠠᠶᠢᠰᠧᠷ ᠪᠢᠷ ᠂ ᠪᠣᠯᠣᠷ ᠰᠢᠪᠠᠷ ᠂ ᠰᠣᠷᠢᠨᠵᠢᠨ ᠬᠦᠴᠦᠨ ᠤ ᠪᠦᠮᠪᠦᠭᠡᠯᠢᠭ ᠂ ᠬᠠᠮᠠᠷ ᠢᠶᠠᠷ ᠢᠶᠠᠨ ᠰᠣᠷᠣᠬᠤ ᠮᠠᠶ᠋ᠢᠭ | ᠤᠨ ᠲᠤᠬᠯᠠᠭᠠᠮ ᠂ ᠯᠠᠴᠠ ᠲᠠᠮᠠᠭ᠎ᠠ ᠂ ᠬᠡᠦᠬᠡᠳ ᠤᠨ ᠲᠣᠭᠤᠭᠠᠨ ᠭᠡᠷ ᠤᠨ ᠭᠡᠷᠡᠭᠰᠡᠯ ᠤᠨ ᠲᠤᠬᠯᠠᠭᠠᠮ ᠵᠡᠷᠭᠡ ᠰᠢᠨ᠎ᠡ ᠦᠢᠯᠡᠳᠬᠦᠨ ᠢ ᠡᠵᠡᠩᠨᠡᠨ | ᠪᠣᠷᠣᠯᠠᠭᠤᠯᠬᠤ ᠳᠠᠭᠠᠨ ᠬᠦᠴᠦᠷᠬᠡᠭᠯᠡᠯ ᠤᠨ ᠠᠭᠤᠯᠭ᠎ᠠ ᠶᠢ ᠤᠬᠠᠭᠤᠯᠬᠤ ᠪᠠ ᠪᠤᠷᠤᠭᠤ ᠪᠠᠷ ᠬᠥᠲᠥᠯᠬᠦ ᠴᠢᠨᠠᠷᠲᠠᠶ ᠵᠢᠱᠢᠶ᠎ᠡ ᠦᠵᠡᠭᠦᠯᠵᠦ ᠪᠣᠯᠬᠤ ᠦᠭᠡᠶ ᠃ | ᠰᠤᠷᠭᠠᠭᠤᠯᠢ ᠶᠢᠨ ᠡᠷᠭᠢᠨ ᠲᠣᠭᠤᠷᠢᠨ ᠳᠠᠬᠢ ᠲᠡᠯᠭᠡᠭᠦᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠣᠷᠣᠰᠢᠵᠤ ᠮᠡᠳᠡᠬᠦ | ᠬᠡᠦᠬᠡᠳ ᠪᠠ ᠰᠤᠷᠤᠭᠴᠢ ᠶᠢᠨ ᠬᠡᠷᠡᠭᠰᠡᠯ ᠢ ᠬᠤᠳᠠᠯᠳᠤᠨ ᠪᠣᠷᠣᠯᠠᠭᠤᠯᠬᠤ ᠶᠠᠪᠤᠳᠠᠯ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠤᠨ ᠬᠢᠨ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠬᠢᠬᠦ ᠬᠡᠷᠡᠭᠲᠡᠶ ᠃ | ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠰᠤᠷᠭᠠᠭᠤᠯᠢ ᠶᠢ ᠬᠦᠳᠦᠯᠦᠨ ᠵᠢᠯᠤᠭᠤᠳᠴᠤ ᠪᠠᠶᠢᠭᠠᠳ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠤ ᠬᠠᠮᠢᠶᠠᠷᠤᠯᠲᠠ ᠶᠢ ᠴᠢᠩᠳᠠᠯᠠᠵᠤ ᠂ ᠤᠬᠠᠭᠤᠯᠭ᠎ᠠ ᠬᠥᠮᠦᠵᠢᠯ ᠢ ᠴᠢᠩᠭᠠᠳᠬᠠᠵᠦ ᠂ ᠰᠤᠷᠤᠭᠴᠢᠳ ᠤᠨ ᠦᠢᠯᠡᠳᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠶ ᠂ ᠬᠦᠴᠦᠷᠬᠡᠭᠯᠡᠯ ᠠᠮᠠᠷᠬᠠᠨ ᠡᠭᠦᠰᠭᠡᠬᠦ ᠵᠡᠷᠭᠡ ᠮᠠᠭᠤ ᠦᠢᠯᠡ ᠠᠵᠢᠯᠯᠠᠭ᠎ᠠ ᠶᠢᠨ ᠬᠡᠯᠪᠡᠷᠢᠯ ᠲᠠᠢ ᠬᠡᠦᠬᠡᠳ | ᠪᠠ ᠰᠤᠷᠤᠬᠴᠢ ᠶᠢᠨ ᠬᠡᠷᠡᠭᠰᠡᠯ ᠢ ᠠᠪᠴᠤ ᠰᠤᠷᠭᠠᠭᠤᠯᠢ ᠶᠢᠨ ᠬᠦᠷᠢᠶᠡᠨ ᠳᠤ ᠣᠷᠣᠬᠤ ᠶᠢ ᠬᠤᠷᠢᠬᠯᠠᠬᠤ ᠬᠡᠷᠡᠭᠲᠡᠶ ᠃ ᠡᠯ᠎ᠡ ᠱᠠᠲᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠡᠦᠬᠡᠳ ᠪᠠ ᠰᠤᠷᠤᠬᠴᠢ ᠶᠢᠨ ᠭᠤᠤᠯ ᠬᠡᠷᠡᠭᠰᠡᠯ ᠢ ᠬᠢᠨᠠᠯᠲᠠ ᠲᠠᠯᠪᠢᠵᠤ ᠰᠤᠭᠤᠴᠢᠨ | ᠪᠠᠶᠢᠴᠠᠭᠠᠬᠤ ᠲᠥᠯᠥᠪᠯᠡᠭᠡ ᠳᠤ ᠣᠷᠣᠭᠤᠯᠬᠤ ᠭᠡᠷᠡᠭᠳᠡᠢ ᠭᠡᠵᠦ ᠱᠠᠭᠠᠷᠳᠠᠵᠠᠢ ᠃ |