ᠡᠷᠭᠦᠨ᠎ᠡ ᠬᠤᠲᠠ ᠶᠢᠨ ᠤᠰᠤᠨ ᠠᠰᠢᠭᠯᠠᠯᠲᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2024/2/3
   ︵ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠠᠵᠢᠯ ᠤᠨ ᠲᠤᠬᠠᠢ ᠬᠠᠤᠯᠢ ᠴᠠᠭᠠᠵᠠ᠂ ᠬᠠᠤᠯᠢ ᠳᠦᠷᠢᠮ ᠵᠢᠴᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠲᠠᠨ ᠤ ᠤᠰᠤᠨ ᠠᠰᠢᠭᠯᠠᠯᠲᠠ ᠶᠢᠨ ᠲᠦᠯᠦᠪᠯᠡᠭᠡ᠂ ᠤᠰᠤᠨ ᠤ ᠡᠬᠢ ᠪᠠᠶᠠᠯᠢᠭ ᠤᠨ ᠲᠦᠯᠦᠪᠵᠢᠭᠦᠯᠭᠡ᠂ ᠴᠢᠬᠤᠯᠠ ᠭᠤᠤᠯ ᠮᠦᠷᠡᠨ ᠨᠠᠭᠤᠷ ᠴᠦᠭᠦᠷᠦᠮ ᠤᠨ ᠤᠷᠤᠰᠬᠠᠯ ᠤᠨ ᠤᠷᠤᠨ ᠤ ᠶᠡᠷᠦᠩᠬᠡᠶᠢᠯᠡᠭᠰᠡᠨ ᠲᠦᠯᠦᠪᠯᠡᠭᠡ᠂ ᠦᠶᠡᠷ ᠢ ᠰᠡᠷᠭᠡᠶᠢᠯᠡᠬᠦ ᠲᠦᠯᠦᠪᠵᠢᠭᠦᠯᠭᠡ ᠵᠡᠷᠭᠡ ᠶᠢ ᠲᠤᠭᠲᠠᠭᠠᠨ᠎ᠠ᠃ ᠤᠰᠤᠨ ᠤ ᠡᠬᠢ ᠪᠠᠶᠠᠯᠢᠭ ᠢ ᠵᠤᠬᠢᠰᠲᠠᠢ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠰᠤᠮᠤ ᠰᠢᠶᠠᠩ ᠪᠠᠯᠭᠠᠰᠤᠨ ︵ᠵᠡᠭᠡᠯᠢ ᠭᠤᠳᠤᠮᠵᠢ︶ ᠤ ᠬᠠᠮᠢᠶ᠎ᠠ ᠪᠦᠬᠦᠢ ᠠᠵᠢᠯ ᠢ ᠵᠢᠭᠠᠨ ᠵᠢᠯᠤᠭᠤᠳᠤᠨ᠎ᠠ᠃      ︵ᠬᠤᠶᠠᠷ︶ ᠦᠢᠯᠡᠳᠪᠦᠷᠢᠯᠡᠯ ᠠᠮᠢᠳᠤᠷᠠᠯ ᠪᠠ ᠠᠮᠢ ᠠᠬᠤᠢ ᠶᠢᠨ ᠤᠷᠴᠢᠨ ᠲᠤᠭᠤᠷᠢᠨ ᠤ ᠬᠡᠷᠡᠭᠯᠡᠬᠦ ᠤᠰᠤ ᠶᠢ ᠨᠢᠭᠡᠲᠦᠯᠲᠡᠢ ᠲᠦᠯᠦᠪᠯᠡᠬᠦ ᠪᠠ ᠪᠠᠲᠤᠯᠠᠨ᠎ᠠ᠃ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠤ ᠡᠬᠢ ᠪᠠᠶᠠᠯᠢᠭ ᠢ ᠨᠢᠭᠡᠲᠦᠯᠲᠡᠢ ᠬᠢᠨᠠᠨ ᠬᠠᠮᠢᠶᠠᠷᠤᠨ᠎ᠠ᠃ ᠪᠦᠬᠦ ᠬᠤᠲᠠᠨ ᠤ ᠳᠤᠮᠳᠠ ᠤᠷᠲᠤ ᠬᠤᠭᠤᠴᠠᠭᠠᠨ ᠤ ᠤᠰᠤᠨ ᠤ ᠬᠠᠩᠭᠠᠯᠭ᠎ᠠ ᠬᠡᠷᠡᠭᠴᠡᠭᠡᠨ ᠤ ᠲᠦᠯᠦᠪᠵᠢᠭᠦᠯᠭᠡ᠂ ᠤᠰᠤ ᠬᠤᠪᠢᠶᠠᠷᠢᠯᠠᠬᠤ ᠲᠦᠰᠦᠪ ᠢ ᠲᠤᠭᠲᠠᠭᠠᠬᠤ ᠪᠠ ᠬᠢᠨᠠᠨ ᠬᠡᠷᠡᠭᠵᠢᠭᠦᠯᠦᠨ᠎ᠡ᠃ ᠡᠷᠭᠦᠨ᠎ᠡ ᠬᠤᠲᠠᠨ ᠤ ᠴᠢᠬᠤᠯᠠ ᠤᠷᠤᠰᠬᠠᠯ ᠤᠨ ᠤᠷᠤᠨ ᠵᠢᠴᠢ ᠬᠦᠨᠳᠦ ᠶᠡᠭᠡ ᠤᠰᠤ ᠲᠤᠬᠢᠷᠠᠭᠤᠯᠬᠤ ᠢᠨᠵᠧᠨᠧᠷᠢᠩ ᠤᠨ ᠤᠰᠤᠨ ᠤ ᠡᠬᠢ ᠪᠠᠶᠠᠯᠢᠭ ᠢ ᠲᠤᠬᠢᠷᠠᠭᠤᠯᠤᠨ᠎ᠠ᠃ ᠤᠰᠤ ᠲᠠᠲᠠᠬᠤ ᠵᠦᠪᠰᠢᠶᠡᠷᠡᠯ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠠ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠳᠦᠷᠢᠮ ᠢ ᠬᠡᠷᠡᠭᠵᠢᠭᠦᠯᠦᠨ᠎ᠡ᠃ ᠤᠰᠤᠨ ᠤ ᠡᠬᠢ ᠪᠠᠶᠠᠯᠢᠭ ᠢ ᠦᠨ᠎ᠡ ᠲᠦᠯᠦᠪᠦᠷᠢ ᠲᠠᠢ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠤᠰᠤ ᠬᠠᠩᠭᠠᠬᠤ ᠪᠠ ᠰᠤᠮᠤ ᠰᠢᠶᠠᠩ ᠪᠠᠯᠭᠠᠰᠤᠨ ᠤ ᠤᠰᠤ ᠬᠠᠩᠭᠠᠬᠤ ᠠᠵᠢᠯ ᠢ ᠬᠠᠷᠢᠭᠤᠴᠠᠨ᠎ᠠ᠃     ︵ᠭᠤᠷᠪᠠ︶ ᠤᠰᠤᠨ ᠤ ᠡᠬᠢ ᠰᠤᠷᠪᠤᠯᠵᠢ ᠶᠢ ᠬᠠᠮᠠᠭᠠᠯᠠᠨ᠎ᠠ᠃ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠲᠦᠯᠦᠪᠵᠢᠭᠦᠯᠭᠡ ᠶᠢ ᠲᠤᠭᠲᠠᠭᠠᠨ᠎ᠠ᠃ ᠭᠠᠵᠠᠷ ᠳᠤᠤᠷᠠᠬᠢ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠢᠶᠠᠷᠤᠨ ᠬᠠᠮᠠᠭᠠᠯᠠᠨ᠎ᠠ᠃ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠤᠷᠤᠨ ᠢ ᠶᠡᠷᠦᠩᠬᠡᠶᠢᠯᠡᠨ ᠵᠠᠰᠠᠨ᠎ᠠ᠃ ᠭᠤᠤᠯ ᠤᠨ ᠵᠠᠮ ᠠᠴᠠ ᠡᠯᠡᠰᠦ ᠮᠠᠯᠲᠠᠬᠤ ᠠᠵᠢᠯ ᠢ ᠬᠢᠨᠠᠨ ᠬᠠᠮᠢᠶᠠᠷᠤᠨ᠎ᠠ᠃ ᠭᠤᠤᠯ ᠤᠨ ᠵᠠᠮ ᠠᠴᠠ ᠡᠯᠡᠰᠦ ᠮᠠᠯᠲᠠᠬᠤ ᠲᠦᠯᠦᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ ᠶᠢ ᠵᠢᠭᠠᠨ ᠵᠢᠯᠤᠭᠤᠳᠤᠨ᠎ᠠ᠃      ︵ᠳᠦᠷᠪᠡ︶ ᠤᠰᠤ ᠶᠢ ᠠᠷᠪᠢᠯᠠᠨ ᠬᠡᠷᠡᠭᠯᠡᠬᠦ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠲᠤᠭᠲᠠᠭᠠᠭᠰᠠᠨ ᠤᠰᠤ ᠶᠢ ᠠᠷᠪᠢᠯᠠᠨ ᠬᠡᠷᠡᠭᠯᠡᠬᠦ ᠲᠤᠬᠠᠢ ᠲᠦᠷᠦ ᠶᠢᠨ ᠪᠤᠳᠤᠯᠭ᠎ᠠ ᠵᠢᠴᠢ ᠬᠠᠮᠢᠶ᠎ᠠ ᠪᠦᠬᠦᠢ ᠪᠠᠷᠢᠮᠵᠢᠶ᠎ᠠ ᠶᠢ ᠲᠤᠤᠱᠯᠠᠭᠤᠯᠤᠨ᠎ᠠ᠃ ᠤᠰᠤ ᠶᠢ ᠠᠷᠪᠢᠯᠠᠨ ᠬᠡᠷᠡᠭᠯᠡᠬᠦ ᠲᠦᠯᠦᠪᠵᠢᠭᠦᠯᠭᠡ ᠶᠢ ᠲᠤᠭᠲᠠᠭᠠᠨ ᠬᠡᠷᠡᠭᠵᠢᠭᠦᠯᠦᠨ᠎ᠡ᠃ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠵᠡᠷᠭᠡ ᠬᠠᠮᠢᠶᠠᠷᠤᠯᠲᠠ ᠶᠢᠨ ᠳᠦᠷᠢᠮ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤ ᠶᠢ ᠠᠷᠪᠢᠯᠠᠨ ᠬᠡᠷᠡᠭᠯᠡᠬᠦ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃      ︵ᠲᠠᠪᠤ︶ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠬᠠᠮᠢᠶᠠᠷᠤᠨ᠎ᠠ᠃ ᠳᠡᠭᠡᠳᠦ ᠱᠠᠲᠤᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠳᠦᠷᠢᠮ ᠢ ᠲᠤᠤᠱᠯᠠᠭᠤᠯᠤᠨ᠎ᠠ᠃ ᠤᠰᠤᠨ ᠠᠰᠢᠭᠯᠠᠯᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ ᠶᠢᠨ ᠲᠤᠬᠠᠢ ᠰᠠᠨᠠᠯ ᠢ ᠳᠤᠷᠠᠳᠤᠨ᠎ᠠ᠃ ᠤᠯᠤᠰ᠂ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠪᠤᠯᠤᠨ ᠬᠤᠲᠠ ᠶᠢᠨ ᠡᠳ᠋ ᠤᠨ ᠵᠠᠰᠠᠭ ᠤᠨ ᠴᠢᠨᠠᠷᠲᠠᠢ ᠪᠡᠯᠡ ᠮᠦᠩᠭᠦ ᠶᠢ ᠲᠤᠬᠢᠷᠠᠭᠤᠯᠬᠤ ᠲᠤᠬᠠᠢ ᠰᠠᠨᠠᠯ ᠢ ᠳᠤᠷᠠᠳᠤᠨ᠎ᠠ᠃ ᠲᠦᠷᠦᠯ ᠵᠦᠢᠯ ᠢ ᠦᠷᠨᠢᠭᠦᠯᠬᠦ ᠶᠢ ᠬᠢᠨᠠᠨ ᠬᠠᠮᠢᠶᠠᠷᠤᠨ᠎ᠠ᠃ ᠲᠤᠭᠲᠠᠭᠰᠠᠨ ᠡᠷᠬᠡ ᠶᠢᠨ ᠬᠢᠵᠠᠭᠠᠷ ᠶᠤᠰᠤᠭᠠᠷ᠂ ᠲᠦᠯᠦᠪᠵᠢᠭᠦᠯᠭᠡ ᠶᠢᠨ ᠳᠤᠲᠤᠷᠠᠬᠢ ᠪᠠ ᠵᠢᠯ ᠤᠨ ᠲᠦᠯᠦᠪᠯᠡᠨ ᠲᠤᠭᠲᠠᠭᠠᠭᠰᠠᠨ ᠲᠦᠷᠦᠯ ᠵᠦᠢᠯ ᠢ ᠬᠢᠨᠠᠨ ᠵᠦᠪᠰᠢᠶᠡᠷᠡᠨ᠎ᠡ᠃      ︵ᠵᠢᠷᠭᠤᠭ᠎ᠠ︶ ᠤᠰᠤᠨ ᠠᠰᠢᠭᠯᠠᠯᠲᠠ ᠶᠢᠨ ᠲᠤᠨᠤᠭ ᠲᠦᠭᠦᠭᠡᠷᠦᠮᠵᠢ᠂ ᠤᠰᠤᠨ ᠤ ᠴᠠᠷᠠᠭ᠎ᠠ ᠵᠢᠴᠢ ᠡᠷᠬᠢ ᠳᠠᠭᠠᠤ ᠭᠠᠵᠠᠷ ᠤᠷᠤᠨ ᠢ ᠬᠠᠮᠢᠶᠠᠷᠤᠨ ᠬᠠᠮᠠᠭᠠᠯᠠᠬᠤ ᠪᠠ ᠶᠡᠷᠦᠩᠬᠡᠶᠢᠯᠡᠨ ᠠᠰᠢᠭᠯᠠᠨ᠎ᠠ᠃ ᠪᠦᠬᠦ ᠬᠤᠲᠠᠨ ᠤ ᠤᠰᠤᠨ ᠠᠰᠢᠭᠯᠠᠯᠲᠠ ᠶᠢᠨ ᠰᠠᠭᠤᠷᠢ ᠲᠤᠨᠤᠭ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠤᠬᠢᠶᠠᠨ ᠪᠠᠶᠢᠭᠤᠯᠤᠨ᠎ᠠ᠃ ᠡᠷᠭᠦᠨ᠎ᠡ ᠬᠤᠲᠠ ᠶᠢᠨ ᠴᠢᠬᠤᠯᠠ ᠪᠤᠯᠬᠤ ᠭᠤᠤᠯ ᠮᠦᠷᠡᠨ ᠨᠠᠭᠤᠷ ᠴᠦᠭᠦᠷᠦᠮ ᠤᠨ ᠵᠠᠰᠠᠯᠲᠠ᠂ ᠨᠡᠭᠡᠭᠡᠯᠲᠡ ᠪᠠ ᠬᠠᠮᠠᠭᠠᠯᠠᠯᠲᠠ ᠶᠢ ᠬᠠᠷᠢᠭᠤᠴᠠᠨ᠎ᠠ᠃ ᠮᠠᠨ ᠤ ᠬᠤᠲᠠ ᠶᠢᠨ ᠭᠤᠤᠯ ᠮᠦᠷᠡᠨ ᠨᠠᠭᠤᠷ ᠴᠦᠭᠦᠷᠦᠮ ᠤᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠪᠠ ᠰᠡᠷᠭᠦᠭᠡᠨ᠎ᠡ᠃ ᠭᠤᠤᠯ ᠮᠦᠷᠡᠨ ᠨᠠᠭᠤᠷ ᠴᠦᠭᠦᠷᠦᠮ ᠤᠨ ᠤᠰᠤᠨ ᠤ ᠬᠡᠮᠵᠢᠶ᠎ᠡ ᠪᠠ ᠤᠷᠤᠰᠬᠠᠯ ᠤᠨ ᠬᠡᠮᠵᠢᠶ᠎ᠡ ᠶᠢ ᠬᠠᠮᠢᠶᠠᠷᠤᠨ᠎ᠠ᠃ ᠭᠤᠤᠯ ᠮᠦᠷᠡᠨ ᠨᠠᠭᠤᠷ ᠴᠦᠭᠦᠷᠦᠮ ᠤᠨ ᠤᠰᠤᠨ ᠰᠢᠰᠲ᠋ᠧᠮ ᠢ ᠨᠡᠪᠲᠡᠷᠡᠭᠦᠯᠬᠦ ᠠᠵᠢᠯ ᠢ ᠬᠠᠷᠢᠭᠤᠴᠠᠨ᠎ᠠ᠃      ︵ᠳᠤᠯᠤᠭ᠎ᠠ︶ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠤᠯᠤᠨ ᠠᠵᠢᠯᠯᠠᠭᠠᠨ ᠤ ᠬᠠᠮᠢᠶᠠᠷᠤᠯᠲᠠ ᠳᠤ ᠬᠢᠨᠠᠯᠲᠠ ᠲᠠᠯᠪᠢᠨ᠎ᠠ᠃ ᠪᠦᠬᠦ ᠬᠤᠲᠠ ᠶᠢᠨ ᠡᠵᠡᠮᠳᠡᠯ ᠤᠨ ᠴᠢᠨᠠᠷᠲᠠᠢ ᠪᠤᠯᠤᠨ ᠤᠷᠤᠨ ᠠᠯᠤᠰᠯᠠᠭᠰᠠᠨ ᠴᠢᠬᠤᠯᠠ ᠪᠤᠯᠬᠤ ᠤᠰᠤᠨ ᠠᠰᠢᠭᠯᠠᠯᠲᠠ ᠶᠢᠨ ᠢᠨᠵᠧᠨᠧᠷᠢᠩ ᠪᠤᠯᠤᠨ ᠠᠵᠢᠯᠯᠠᠭᠠᠨ ᠤ ᠬᠠᠮᠢᠶᠠᠷᠤᠯᠲᠠ ᠶᠢ ᠵᠤᠬᠢᠶᠠᠨ ᠪᠠᠶᠢᠭᠤᠯᠤᠨ᠎ᠠ᠃ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠤᠨ᠎ᠠ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠬᠢᠨᠠᠯᠲᠠ ᠲᠠᠯᠪᠢᠨ᠎ᠠ᠃ ᠲᠤᠭᠲᠠᠭᠰᠠᠨ ᠡᠷᠬᠡ ᠶᠢᠨ ᠬᠢᠵᠠᠭᠠᠷ ᠶᠤᠰᠤᠭᠠᠷ᠂ ᠬᠠᠮᠢᠶ᠎ᠠ ᠪᠦᠬᠦᠢ ᠢᠨᠵᠧᠨᠧᠷᠢᠩ ᠢ ᠰᠢᠯᠭᠠᠨ ᠠᠪᠤᠨ᠎ᠠ᠃ ᠦᠶᠡᠷ ᠤᠰᠤᠳᠤᠯ ᠭᠠᠩ ᠬᠠᠭᠰᠠᠷᠭᠠᠨ ᠢ ᠰᠡᠷᠭᠡᠶᠢᠯᠡᠬᠦ ᠠᠵᠢᠯ ᠢ ᠵᠤᠬᠢᠴᠠᠭᠤᠯᠤᠨ᠎ᠠ᠃      ︵ᠨᠠᠢᠮᠠ︶ ᠬᠦᠳᠡᠭᠡ ᠲᠤᠰᠬᠤᠨ ᠮᠠᠯᠵᠢᠬᠤ ᠤᠷᠤᠨ ᠤ ᠤᠰᠤᠨ ᠠᠰᠢᠭᠯᠠᠯᠲᠠ ᠶᠢᠨ ᠠᠵᠢᠯ ᠢ ᠬᠠᠷᠢᠭᠤᠴᠠᠨ᠎ᠠ᠃ ᠳᠤᠮᠳᠠ ᠶᠡᠭᠡ ᠬᠡᠯᠪᠡᠷᠢ ᠶᠢᠨ ᠤᠰᠤ ᠬᠠᠳᠠᠭᠠᠯᠠᠬᠤ ᠤᠰᠤ ᠭᠠᠳᠠᠭᠰᠢᠯᠠᠭᠤᠯᠬᠤ ᠢᠨᠵᠧᠨᠧᠷᠢᠩ ᠢ ᠪᠦᠲᠦᠭᠡᠨ ᠪᠠᠶᠢᠭᠤᠯᠬᠤ ᠪᠠ ᠦᠭᠡᠷᠡᠴᠢᠯᠡᠨ ᠵᠠᠰᠠᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠤᠤᠭᠤᠬᠤ ᠤᠰᠤᠨ ᠤ ᠠᠮᠤᠷ ᠲᠦᠪᠰᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠰᠤ ᠠᠷᠪᠢᠯᠠᠬᠤ ᠤᠰᠤᠯᠠᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠪᠠᠭ᠎ᠠ ᠬᠡᠯᠪᠡᠷᠢ ᠶᠢᠨ ᠤᠰᠤ ᠴᠠᠬᠢᠯᠭᠠᠨ ᠤ ᠦᠭᠡᠷᠡᠴᠢᠯᠡᠯᠲᠡ ᠪᠤᠯᠤᠨ ᠤᠰᠤ ᠴᠠᠬᠢᠯᠭᠠᠨ ᠢ ᠴᠠᠬᠢᠯᠭᠠᠨ ᠬᠡᠢ ᠪᠤᠯᠭᠠᠨ ᠦᠭᠡᠷᠡᠴᠢᠯᠡᠬᠦ ᠠᠵᠢᠯ ᠢ ᠬᠠᠷᠢᠭᠤᠴᠠᠨ᠎ᠠ᠃      ︵ᠶᠢᠰᠦ︶ ᠤᠰᠤ ᠬᠦᠷᠦᠰᠦ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠤᠰᠤ ᠬᠦᠷᠦᠰᠦ ᠶᠢ ᠬᠠᠮᠠᠭᠠᠯᠠᠬᠤ ᠲᠦᠯᠦᠪᠵᠢᠭᠦᠯᠭᠡ ᠶᠢ ᠲᠤᠭᠲᠠᠭᠠᠬᠤ ᠮᠦᠷᠲᠡᠭᠡᠨ ᠬᠢᠨᠠᠨ ᠬᠡᠷᠡᠭᠵᠢᠭᠦᠯᠦᠨ᠎ᠡ᠃ ᠤᠰᠤ ᠬᠦᠷᠦᠰᠦᠨ ᠤ ᠤᠷᠤᠰᠬᠠᠭᠳᠠᠯ ᠢ ᠶᠡᠷᠦᠩᠬᠡᠶᠢᠯᠡᠨ ᠰᠡᠷᠭᠡᠶᠢᠯᠡᠨ ᠵᠠᠰᠠᠵᠤ᠂ ᠬᠢᠨᠠᠨ ᠬᠡᠮᠵᠢᠵᠦ᠂ ᠤᠷᠢᠳᠴᠢᠯᠠᠨ ᠮᠡᠳᠡᠭᠦᠯᠬᠦ ᠮᠦᠷᠲᠡᠭᠡᠨ ᠲᠤᠭᠲᠠᠭᠰᠠᠨ ᠬᠤᠭᠤᠴᠠᠭ᠎ᠠ ᠲᠠᠢ ᠨᠡᠶᠢᠲᠡᠯᠡᠨ᠎ᠡ᠃ ᠬᠤᠲᠠ ᠶᠢᠨ ᠳᠡᠰ ᠤᠨ ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠤᠰᠤ ᠬᠦᠷᠦᠰᠦ ᠶᠢ ᠬᠠᠮᠠᠭᠠᠯᠠᠬᠤ ᠠᠵᠢᠯ ᠢ ᠬᠢᠨᠠᠨ ᠬᠠᠮᠢᠶᠠᠷᠤᠨ᠎ᠠ᠃ ᠭᠤᠤᠯᠳᠠᠯᠭ᠎ᠠ ᠲᠠᠢ ᠤᠰᠤ ᠬᠦᠷᠦᠰᠦ ᠶᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠠᠷᠪᠠ︶ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠬᠠᠤᠯᠢ ᠬᠡᠷᠡᠭᠵᠢᠭᠦᠯᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠤᠨ᠎ᠠ᠃ ᠤᠰᠤ ᠲᠠᠢ ᠬᠤᠯᠪᠤᠭᠳᠠᠭᠰᠠᠨ ᠬᠡᠷᠡᠭ ᠶᠠᠪᠤᠳᠠᠯ ᠢ ᠪᠠᠶᠢᠴᠠᠭᠠᠨ ᠰᠢᠢᠳᠪᠦᠷᠢᠯᠡᠬᠦ ᠳᠤ ᠬᠢᠨᠠᠯᠲᠠ ᠲᠠᠯᠪᠢᠬᠤ ᠪᠠ ᠵᠢᠭᠠᠨ ᠵᠢᠯᠤᠭᠤᠳᠤᠨ᠎ᠠ᠃ ᠤᠰᠤᠨ ᠤ ᠶᠠᠪᠤᠳᠠᠯ ᠤᠨ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠢᠨᠠᠨ ᠵᠢᠯᠤᠭᠤᠳᠤᠨ᠎ᠠ᠃ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠤᠯᠢ ᠶᠤᠰᠤᠭᠠᠷ ᠬᠠᠷᠢᠭᠤᠴᠠᠨ᠎ᠠ᠃ ᠳᠠᠯᠠᠩ ᠬᠠᠰᠢᠯᠭ᠎ᠠ ᠵᠡᠷᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠮᠤᠷ ᠲᠦᠪᠰᠢᠨ ᠢ ᠬᠠᠮᠢᠶᠠᠷᠤᠨ᠎ᠠ᠃      ︵ᠠᠷᠪᠠᠨ ᠨᠢᠭᠡ︶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠭᠠᠳᠠᠭᠠᠲᠤ ᠶᠠᠪᠤᠳᠠᠯ ᠤᠨ ᠠᠵᠢᠯ ᠢ ᠦᠷᠨᠢᠭᠦᠯᠦᠨ᠎ᠡ᠃ ᠪᠦᠬᠦ ᠬᠤᠲᠠᠨ ᠤ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠴᠢᠨᠠᠷ ᠴᠢᠨᠰᠠᠭᠠᠨ ᠳᠤ ᠬᠢᠨᠠᠯᠲᠠ ᠲᠠᠯᠪᠢᠨ᠎ᠠ᠃ ᠮᠠᠨ ᠤ ᠬᠤᠲᠠᠨ ᠤ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠳᠦᠷᠢᠮ ᠲᠤᠭᠲᠠᠭᠠᠯ᠂ ᠵᠢᠷᠤᠮᠵᠢᠯ ᠢ ᠲᠤᠭᠲᠠᠭᠠᠬᠤ ᠪᠠ ᠬᠢᠨᠠᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠯᠪᠤᠭᠳᠠᠯ ᠪᠦᠬᠦᠢ ᠠᠵᠢᠯ ᠢ ᠦᠷᠨᠢᠭᠦᠯᠦᠨ᠎ᠡ᠃ ᠤᠰᠤᠨ ᠠᠰᠢᠭᠯᠠᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃ ᠤᠯᠠᠨ ᠤᠯᠤᠰ ᠤᠨ ᠭᠤᠤᠯ ᠮᠦᠷᠡᠨ ᠤ ᠭᠠᠳᠠᠭᠠᠲᠤ ᠲᠠᠢ ᠬᠤᠯᠪᠤᠭᠳᠠᠭᠰᠠᠨ ᠶᠠᠪᠤᠳᠠᠯ ᠢ ᠭᠦᠢᠴᠡᠳᠬᠡᠨ᠎ᠡ᠃      ︵ᠠᠷᠪᠠᠨ ᠬᠤᠶᠠᠷ︶ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ