3 ᠰᠠᠷ᠎ᠠ ᠶᠢᠨ 1 ᠤ ᠡᠳᠦᠷ ᠂ ᠰᠤᠷᠭᠠᠨ ᠬᠥᠮᠦᠵᠢᠯ ᠤᠨ ᠶᠠᠮᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠂ 2023 ᠣᠨ ᠤ ᠪᠥᠬᠦ ᠤᠯᠤᠰ ᠤᠨ | ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠪᠡ ᠃ | ᠭᠦᠸᠧ ᠫᠧᠩ ᠭᠡᠯᠡᠬᠦ ᠳᠡᠭᠡᠨ ᠂ ᠠᠰᠫᠢᠷᠠᠨᠲ ᠤᠨ ᠴᠢᠳᠠᠪᠤᠷᠢᠲᠠᠨ ᠬᠥᠮᠦᠵᠢᠭᠦᠯᠬᠦ ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠨ᠎ᠡ ᠃ ᠡᠷᠳᠡᠮ ᠤᠨ | ᠴᠣᠯᠠ ᠶᠢᠨ ᠲᠥᠷᠥᠯ ᠬᠡᠯᠪᠡᠷᠢ ᠠᠴᠠ ᠠᠪᠴᠤ ᠦᠵᠡᠪᠡᠯ ᠂ ᠡᠷᠳᠡᠮ ᠰᠢᠨᠵᠢᠯᠡᠭᠡᠨ ᠤ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠪᠠ ᠦᠢᠯᠡᠳᠦᠯᠭᠡ ᠶᠢᠨ | ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠢ ᠲᠥᠷᠥᠯ ᠬᠤᠪᠢᠶᠠᠨ ᠬᠦᠭᠵᠢᠬᠦᠯᠬᠦ ᠶᠢ ᠠᠬᠢᠭᠤᠯᠬᠤ ᠶᠢ ᠪᠠᠷᠢᠮᠲᠠᠯᠠᠵᠤ ᠂ ᠲᠤᠰᠬᠠᠶ ᠮᠡᠷᠭᠡᠵᠢᠯ ᠤᠨ | ᠡᠷᠳᠡᠮ ᠤᠨ ᠴᠣᠯᠠ ᠪᠦᠬᠦᠢ ᠠᠰᠫᠢᠷᠠᠨᠲ ᠡᠯᠰᠡᠬᠦ ᠬᠡᠪᠴᠢᠶ᠎ᠡ ᠶᠢ ᠨᠡᠮᠡᠭᠳᠡᠭᠦᠯᠦᠨ ᠂ ᠢᠨᠵᠧᠨᠧᠷᠢᠩ ᠤᠨ ᠮᠡᠷᠭᠡᠵᠢᠯ ᠤᠨ ᠬᠦᠷᠢᠶᠡᠨ ᠳᠠᠬᠢ ᠳᠡᠭᠡᠳᠦ ᠲᠠᠰ | ᠳᠠᠪᠬᠤᠷᠭ᠎ᠠ ᠶᠢᠨ ᠬᠡᠷᠡᠭᠯᠡᠭᠡᠨ ᠤ ᠬᠡᠯᠪᠡᠷᠢ ᠶᠢᠨ ᠳᠠᠭᠠᠭᠤᠯᠤᠭᠴᠢ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠨ᠎ᠠ ᠬᠡᠪᠡ ᠃ | ᠰᠤᠷᠭᠠᠨ ᠬᠥᠮᠦᠵᠢᠯ ᠤᠨ ᠶᠠᠮᠤᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠵᠤᠷᠭᠠᠨ ᠤ ᠳᠡᠳ᠋ ᠳᠠᠷᠤᠭ᠎ᠠ ᠭᠤᠤ ᠳ᠋ᠦᠩ ᠹᠸᠡᠭ ᠬᠡᠯᠡᠬᠦ ᠳᠡᠭᠡᠨ ᠂ | ᠲᠠᠷᠠᠭᠠᠴᠢ ᠶᠢᠨ ᠠᠯᠬᠤᠮ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ᠲᠠᠢ | ᠤᠶᠠᠯᠳᠤᠭᠤᠯᠤᠨ ᠂ ᠰᠢᠨ᠎ᠡ ᠮᠡᠷᠭᠡᠵᠢᠯ ᠤᠨ ᠰᠠᠯᠠᠭ᠎ᠠ ᠂ ᠰᠢᠨ᠎ᠡ ᠡᠮᠨᠡᠯᠭᠡ ᠶᠢᠨ ᠰᠠᠯᠠᠭ᠎ᠠ ᠂ ᠰᠢᠨ᠎ᠡ ᠬᠦᠲᠡᠭᠡ ᠠᠵᠤ ᠠᠬᠤᠢ ᠶᠢᠨ ᠰᠠᠯᠠᠭ᠎ᠠ ᠂ ᠰᠢᠨ᠎ᠡ | ᠨᠡᠶᠢᠭᠡᠮ ᠤᠨ ᠰᠢᠨᠵᠢᠯᠡᠬᠦ ᠤᠬᠠᠭᠠᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠂ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ ᠂ | ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠤ ᠂ ︽ ᠵᠣᠬᠢᠶᠠᠮᠠᠯ ᠣᠶᠤᠨ ᠴᠢᠳᠠᠪᠤᠷᠢ + ᠰᠤᠷᠭᠠᠨᠬᠥ᠋ᠮᠦᠵᠢᠯ ︾ ᠤᠨ | ᠰᠢᠨ᠎ᠡ ᠠᠮᠢ ᠠᠬᠤᠶ ᠶᠢ ᠲᠦᠷᠭᠡᠪᠴᠢᠯᠡᠨ ᠪᠠᠶᠢᠭᠤᠯᠵᠤ ᠂ ᠰᠢᠨ᠎ᠡ ᠶᠢ ᠡᠭᠦᠳᠬᠦ ᠣᠷᠦ᠋ᠢᠯᠠᠭᠰᠠᠨ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠶᠠᠰᠤ | ᠴᠢᠨᠠᠷ ᠢ ᠬᠦᠴᠦᠯᠡᠨ ᠳᠡᠭᠡᠭᠰᠢᠯᠡᠭᠦᠯᠵᠦ ᠂ ︽ ᠪᠣᠭᠤᠮᠢ ︾ ᠶᠢᠨ ᠠᠰᠠᠭᠤᠳᠠᠯ ᠤᠳ ᠢ ᠰᠢᠢᠳᠪᠦᠷᠢᠯᠡᠬᠦ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ ᠭᠡᠵᠡᠶ ᠃ |