ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠲᠦᠷᠦᠭᠦᠬᠡᠨ ᠮᠡᠳᠡᠭᠳᠡᠯ ᠪᠠᠭᠤᠯᠭᠠᠵᠤ ᠂ ᠦᠳᠡᠯᠦᠭᠡ ᠨᠠᠰᠤᠨ ᠤ ᠪᠠᠭᠰᠢ ᠨᠠᠷ ᠤᠨ ᠠᠷᠠᠳ ᠠᠴᠠ | ᠡᠷᠭᠢᠯᠡᠭᠰᠡᠨ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠶᠢᠨ ᠬᠤᠯᠪᠣᠭᠳᠠᠯ ᠪᠥᠬᠦᠶ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠪᠠ ᠃ ᠨᠢᠭᠡ ᠪᠦᠯᠦᠭ | ᠠᠵᠢᠯ ᠠᠴᠠ ᠪᠠᠨ ᠠᠮᠠᠷᠠᠭᠰᠠᠨ ᠰᠢᠯᠢᠳᠡᠭ ᠪᠠᠭᠰᠢ ᠶᠢ ᠰᠢᠯᠢᠨ ᠰᠣᠩᠭᠤᠬᠤ ᠠᠵᠢᠯ ᠢ ᠵᠣᠬᠢᠶᠠᠨ ᠪᠠᠶᠢᠭᠤᠯᠵᠤ ᠂ ᠡᠯ᠎ᠡ ᠱᠠᠲᠤᠨ ᠤ ᠡᠯ᠎ᠡ ᠲᠥᠷᠥᠯ ᠤᠨ ᠠᠷᠠᠳ ᠠᠴᠠ | ᠡᠷᠭᠢᠯᠡᠭᠰᠡᠨ ᠰᠤᠷᠭᠠᠭᠤᠯᠢ ᠂ ᠢᠯᠠᠩᠭᠤᠶ᠎ᠠ ᠠᠷᠠᠳ ᠠᠴᠠ ᠡᠷᠭᠢᠯᠡᠭᠰᠡᠨ ᠳᠡᠭᠡᠳᠦ ᠰᠤᠷᠭᠠᠭᠤᠯᠢ ᠳᠤ ᠬᠠᠨᠳᠤᠭᠤᠯᠤᠨ ᠰᠤᠷᠭᠠᠨ ᠬᠥᠮᠦᠵᠢᠯ ᠢ ᠳᠡᠮᠵᠢᠬᠦ ᠂ | ᠰᠤᠳᠤᠯᠭᠠᠨ ᠳᠤ ᠲᠤᠰᠠᠯᠠᠬᠤ ᠠᠵᠢᠯ ᠥᠷᠨᠢᠭᠦᠯᠵᠦ ᠂ ᠵᠢᠯ ᠪᠦᠷᠢ 2 ᠲᠦᠮᠡᠨ ᠪᠠᠭᠰᠢ ᠶᠢ ᠰᠣᠩᠭᠤᠨ ᠲᠣᠮᠢᠯᠠᠬᠤ ᠪᠠᠷ ᠲᠥᠯᠥᠪᠯᠡᠵᠦ ᠪᠠᠶᠢᠨ᠎ᠠ ᠃ | ᠰᠦᠯᠵᠢᠶᠡᠨ ᠭᠠᠳᠠᠨ᠎ᠠ ᠰᠤᠷᠭᠠᠨ ᠬᠥᠮᠦᠵᠢᠯ ᠢ ᠳᠡᠮᠵᠢᠬᠦ ᠰᠤᠳᠤᠯᠭᠠᠨ ᠢ ᠥᠷᠨᠢᠭᠦᠯᠬᠦ ᠪᠠᠷ ᠭᠤᠶᠤᠴᠢᠯᠠᠭᠰᠠᠨ ᠦᠳᠡᠯᠦᠭᠡ ᠨᠠᠰᠤᠨ ᠤ ᠪᠠᠭᠰᠢ ᠶᠢᠨ ᠨᠠᠰᠤ ᠶᠢ | ᠡᠩ ᠤᠨ ᠪᠠᠶᠢᠳᠠᠯ ᠳᠤ 75 ︵ ᠪᠠᠭᠲᠠᠨ᠎ᠠ ︶ ᠪᠠᠷ ᠬᠢᠵᠠᠭᠠᠷᠯᠠᠵᠤ ᠂ ᠰᠠᠭᠤᠷᠢ ᠰᠤᠷᠭᠠᠨ ᠬᠥᠮᠦᠵᠢᠯ ᠤᠨ ᠬᠦᠷᠢᠶ᠎ᠡ ᠴᠠᠷᠠᠭ᠎ᠠ ᠳᠤ ᠣᠷᠣᠯᠴᠠᠬᠤ ᠪᠠᠭᠰᠢ ᠶᠢᠨ ᠨᠠᠰᠤ | ᠶᠢ ᠡᠩ ᠤᠨ ᠪᠠᠶᠢᠳᠠᠯ ᠳᠤ 70 ︵ ᠪᠠᠭᠲᠠᠨ᠎ᠠ ︶ ᠪᠠᠷ ᠬᠢᠵᠠᠭᠠᠷᠯᠠᠨ᠎ᠠ ᠃ | ᠮᠡᠳᠡᠭᠳᠡᠯ ᠳᠤ ᠂ ᠦᠳᠡᠯᠦᠭᠡ ᠨᠠᠰᠤᠨ ᠤ ᠪᠠᠭᠰᠢ ᠶᠢᠨ ᠪᠠᠷᠠᠭᠤᠨ ᠣᠷᠣᠨ ᠂ ᠦᠨᠳᠦᠰᠦᠲᠡᠨ ᠤ ᠭᠠᠵᠠᠷ ᠣᠷᠣᠨ ᠤ ᠠᠷᠠᠳ ᠠᠴᠠ ᠡᠷᠭᠢᠯᠡᠭᠰᠡᠨ | ᠰᠤᠷᠭᠠᠭᠤᠯᠢ ᠳᠤ ᠤᠴᠢᠵᠦ ᠂ ᠠᠵᠢᠯ ᠲᠥᠷᠥᠯ ᠂ ᠠᠵᠤ ᠦᠢᠯᠡᠰ ᠂ ᠠᠵᠤ ᠠᠬᠤᠶᠢᠯᠠᠯ ᠳᠤ ᠪᠠᠴᠢᠮ ᠱᠠᠭᠠᠷᠳᠠᠭᠳᠠᠬᠤ ᠳᠤᠲᠠᠭᠳᠠᠵᠤ ᠪᠠᠶᠢᠭ᠎ᠠ ᠲᠤᠰᠬᠠᠶ | ᠮᠡᠷᠭᠡᠵᠢᠯ ᠳᠤ ᠣᠷᠣᠯᠴᠠᠵᠤ ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠬᠠᠪᠰᠤᠷᠤᠨ ᠳᠤᠲᠠᠭᠤᠳᠠᠯ ᠢ ᠨᠢ ᠨᠥᠬᠦᠪᠥᠷᠢᠯᠡᠵᠦ ᠂ ᠪᠠᠭᠤᠷᠠᠶ ᠲᠠᠯ᠎ᠠ ᠶᠢ ᠨᠢ | ᠬᠦᠴᠦᠷᠬᠡᠭᠵᠢᠭᠦᠯᠵᠦ ᠂ ᠶᠠᠰᠤ ᠴᠢᠨᠠᠷ ᠢ ᠨᠢ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠡ ᠃ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ︽ ᠵᠢᠯᠣᠭᠤᠳᠣᠭᠴᠢ | ᠪᠠᠭᠰᠢ ᠶᠢᠨ ᠲᠦᠷᠢᠮ ︾ ᠢ ᠰᠦᠪᠡᠭᠴᠢᠯᠡᠨ ᠬᠡᠷᠡᠭᠵᠢᠭᠦᠯᠵᠤ ᠂ ᠥᠨᠳᠥᠷ ᠬᠡᠪ ᠴᠢᠨᠠᠷ ᠪᠥᠬᠦᠶ ᠦᠳᠡᠯᠦᠭᠡ ᠨᠠᠰᠤᠨ ᠤ ᠪᠠᠭᠰᠢ ᠶᠢᠨ ᠵᠠᠯᠠᠭᠤ ᠪᠠᠭᠰᠢ ᠶᠢᠨ | ᠵᠢᠯᠣᠭᠤᠳᠣᠭᠴᠢ ᠪᠣᠯᠵᠤ ᠂ ᠪᠠᠭᠰᠢ ᠶᠢᠨ ᠤᠯᠠᠮᠵᠢᠯᠠᠨ ᠵᠠᠯᠭᠠᠮᠵᠢᠯᠠᠬᠤ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ᠎ᠠ ᠭᠡᠵᠦ ᠲᠤᠷᠠᠳᠴᠡᠢ ᠃ | ᠮᠡᠳᠡᠭᠳᠡᠯ ᠳᠤ ᠂ ᠦᠳᠡᠯᠦᠭᠡ ᠨᠠᠰᠤᠨ ᠤ ᠪᠠᠭᠰᠢ ᠶᠢᠨ ᠲᠤᠰᠠᠯᠠᠨ ᠦᠢᠯᠡᠴᠢᠯᠡᠬᠦ ᠴᠠᠭ ᠢ ᠵᠠᠷᠴᠢᠮ ᠳᠡᠭᠡᠷ᠎ᠡ ᠪᠠᠨ 1 ᠰᠤᠷᠤᠯᠭ᠎ᠠ ᠶᠢᠨ ᠵᠢᠯ ᠠᠴᠠ ᠳᠤᠲᠠᠭᠤ | ᠥᠬᠡᠶ ᠪᠠᠶᠢᠯᠭᠠᠵᠤ ᠂ ᠲᠤᠰᠠᠯᠠᠮᠵᠢ ᠭᠥᠷᠳᠡᠬᠦ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨᠰᠤᠷᠭᠠᠯᠲᠠ ᠵᠢᠴᠢ ᠬᠠᠮᠢᠶᠠᠷᠤᠯᠲᠠ ᠶᠢᠨ ᠬᠡᠷᠡᠭᠴᠡᠭᠡ ᠶᠢ ᠦᠨᠳᠦᠰᠦᠯᠡᠨ ᠂ | ᠳᠡᠮᠵᠢᠬᠦ ᠠᠵᠢᠯ ᠢ ᠠᠮᠢᠳᠤᠯᠢᠭ ᠢᠶᠠᠷ ᠥᠷᠨᠢᠭᠦᠯᠵᠦ ᠪᠣᠯᠤᠨ᠎ᠠ ᠭᠡᠵᠦ ᠲᠤᠳᠤᠷᠬᠠᠶᠢᠯᠠᠪᠠ ᠃ |