ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠪᠠᠷ ᠠᠵᠢᠯ ᠳᠤ ᠣᠷᠣᠭᠰᠠᠨ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠪᠠᠨ | ᠳᠡᠭᠡᠭᠰᠢᠯᠡᠭᠦᠯᠵᠤ ᠂ ᠵᠢᠭᠠᠨ ᠰᠤᠷᠭᠠᠯᠲᠠ ᠶᠢᠨ ᠠᠵᠢᠯ ᠤᠨ ᠪᠠᠶᠢᠷᠢ ᠳᠠᠭᠠᠨ ᠲᠦᠷᠭᠡᠬᠡᠨ ᠵᠣᠬᠢᠴᠠᠬᠤ ᠳᠤ ᠲᠤᠰᠠᠯᠠᠬᠤ ᠶᠢᠨ ᠲᠥᠯᠥᠭᠡ ᠂ ᠣᠶᠢᠷ᠎ᠠ ᠳᠤ ᠂ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠲᠤᠰᠠᠯᠠᠭᠴᠢ ᠪᠠᠭᠰᠢ ᠶᠢᠨ ᠲᠦᠷᠢᠮ ᠢ ᠬᠡᠷᠡᠭᠵᠢᠭᠦᠯᠬᠦ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠨᠠᠯ ︾ ᠢ ᠳᠠᠷᠤᠮᠠᠯᠯᠠᠨ ᠲᠠᠷᠬᠠᠭᠠᠵᠤ ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ | ᠲᠤᠰᠠᠯᠠᠭᠴᠢ ᠪᠠᠭᠰᠢ ᠶᠢᠨ ᠲᠦᠷᠢᠮ ᠢ ᠡᠬᠢᠯᠡᠨ ᠬᠡᠷᠡᠭᠵᠢᠭᠦᠯᠪᠡ ᠃ | ᠰᠠᠨᠠᠯ ᠳᠤ ᠂ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠪᠠᠷ ᠠᠵᠢᠯ ᠳᠤ ᠣᠷᠣᠭᠰᠠᠨ ᠪᠠᠭᠰᠢ ᠨᠠᠷ ᠡᠷᠬᠡᠪᠰᠢ ᠦᠵᠡᠯ ᠰᠠᠨᠠᠭ᠎ᠠ ᠤᠯᠤᠰ ᠲᠥᠷᠥ ᠶᠢᠨ ᠬᠡᠪ | ᠴᠢᠨᠠᠷ ᠤᠨ ᠬᠥᠮᠦᠵᠢᠯ ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠬᠥᠮᠦᠵᠢᠯ ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ | ᠵᠡᠷᠭᠡ ᠲᠤᠰᠬᠠᠶ ᠪᠤᠯᠪᠠᠰᠤᠷᠠᠯ ᠳᠤ ᠣᠷᠣᠯᠴᠠᠵᠤ ᠂ ᠵᠢᠭᠠᠨ ᠵᠢᠯᠣᠭᠤᠳᠬᠤ ᠪᠠᠭᠰᠢ ᠶᠢᠨ ᠬᠢᠴᠢᠶᠡᠯ ᠤᠨ ᠭᠡᠷ ᠲᠠᠬᠢ ᠵᠢᠭᠠᠨ ᠰᠤᠷᠭᠠᠯᠲᠠ ᠶᠢ ᠲᠠᠭᠠᠵᠦ ᠰᠤᠯᠠ | ᠰᠣᠨᠣᠰᠴᠤ ᠂ ᠬᠢᠴᠢᠶᠡᠯ ᠣᠷᠣᠬᠤ ᠪᠠᠷ ᠪᠠᠶᠢᠭ᠎ᠠ ᠬᠤᠯᠪᠣᠭᠳᠠᠯ ᠪᠥᠬᠦᠶ ᠬᠠᠪᠰᠤᠷᠤᠨ ᠵᠢᠯᠣᠭᠤᠳᠬᠤ ᠂ ᠮᠠᠲᠠᠭ ᠢ ᠲᠠᠶᠢᠯᠬᠤ ᠂ ᠳᠠᠰᠬᠠᠯ ᠢ ᠬᠢᠨᠠᠵᠤ ᠵᠠᠰᠠᠬᠤ ᠂ ᠰᠡᠳᠦᠪ | ᠲᠠᠶᠢᠯᠪᠤᠷᠢᠯᠠᠬᠤ ᠂ ᠲᠤᠷᠰᠢᠯᠲᠠ ᠶᠢ ᠵᠢᠭᠠᠨ ᠵᠢᠯᠣᠭᠤᠳᠬᠤ ᠵᠡᠷᠭᠡ ᠵᠢᠭᠠᠨ ᠰᠤᠷᠭᠠᠯᠲᠠ ᠶᠢᠨ ᠬᠠᠪᠰᠤᠷᠤᠮᠵᠢ ᠭᠤᠭᠴᠤᠭ᠎ᠠ ᠶᠢᠨ ᠠᠵᠢᠯ ᠢ ᠡᠭᠦᠷᠭᠡᠯᠡᠵᠦ ᠂ ᠵᠢᠭᠠᠨ | ᠰᠤᠷᠭᠠᠯᠲᠠ ᠶᠢᠨ ᠠᠭᠤᠯᠭ᠎ᠠ ᠶᠢ ᠰᠠᠶᠢᠲᠤᠷ ᠣᠶᠢᠯᠠᠭᠠᠵᠤ ᠂ ᠪᠠᠶᠢᠪᠠᠰᠤ ᠵᠣᠬᠢᠬᠤ ᠵᠢᠭᠠᠨ ᠰᠤᠷᠭᠠᠯᠲᠠ ᠶᠢᠨ ᠴᠢᠳᠠᠪᠤᠷᠢ ᠶᠢ ᠡᠵᠡᠮᠰᠢᠵᠦ ᠂ ᠵᠢᠭᠠᠨ ᠰᠤᠷᠭᠠᠯᠲᠠ ᠶᠢᠨ | ᠴᠢᠳᠠᠪᠤᠷᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠵᠢᠭᠠᠨ ᠰᠤᠷᠭᠠᠯᠲᠠ ᠶᠢᠨ ᠡᠭᠦᠷᠭᠡ ᠶᠢ ᠪᠡᠶ᠎ᠡ ᠪᠠᠨ ᠳᠠᠭᠠᠭᠠᠵᠤ ᠡᠭᠦᠷᠭᠡᠯᠡᠵᠦ | ᠪᠣᠯᠤᠨ᠎ᠠ ᠃ ᠲᠤᠰᠠᠯᠠᠭᠴᠢ ᠪᠠᠭᠰᠢ ᠶᠢᠨ ᠲᠦᠷᠢᠮ ᠢ ᠬᠡᠷᠡᠭᠵᠢᠭᠦᠯᠬᠦ ᠨᠢ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠪᠠᠷ ᠠᠵᠢᠯ ᠳᠤ ᠤᠷᠤᠬᠰᠠᠨ ᠪᠠᠭᠰᠢ ᠨᠠᠷ ᠤᠨ ᠶᠣᠰᠣ | ᠮᠣᠷᠠᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠤ ᠰᠢᠨ᠎ᠡ ᠶᠢ ᠡᠭᠦᠳᠬᠦ ᠂ ᠵᠢᠭᠠᠨ | ᠰᠤᠷᠭᠠᠯᠲᠠ ᠶᠢᠨ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠬᠦ ᠶᠢ ᠪᠦᠲᠦᠮᠵᠢᠲᠡᠶ ᠬᠥᠲᠥᠯᠦᠨ ᠵᠢᠯᠣᠭᠤᠳᠬᠤ ᠶᠢᠨ ᠤᠯᠠᠮ ᠢᠶᠠᠷ ᠶᠡᠭᠡ ᠳᠡᠭᠡᠳᠦ ᠰᠤᠷᠭᠠᠭᠤᠯᠢ ᠶᠢᠨ | ᠴᠢᠳᠠᠪᠤᠷᠢᠲᠠᠨ ᠬᠥᠮᠦᠵᠢᠭᠦᠯᠬᠦ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠣᠯᠤᠨ᠎ᠠ ᠃ |