ᠣᠶᠢᠷ᠎ᠠ ᠳᠤ ᠂ ᠰᠤᠷᠭᠠᠨ ᠬᠥᠮᠦᠵᠢᠯ ᠤᠨ ᠶᠠᠮᠤᠨ ᠮᠡᠳᠡᠭᠡ ᠨᠡᠶᠢᠲᠡᠯᠡᠪᠡ᠄ 2024 ᠣᠨ ᠤ 6 ᠰᠠᠷ᠎ᠠ ᠶᠢᠨ 20 ᠤ ᠡᠳᠦᠷ ᠪᠣᠯᠲᠠᠯ᠎ᠠ ᠂ ᠪᠥᠬᠦ ᠤᠯᠤᠰ ᠤᠨ | ᠶᠡᠭᠡ ᠳᠡᠭᠡᠳᠦ ᠰᠤᠷᠭᠠᠭᠤᠯᠢ ᠨᠡᠶᠢᠲᠡ 3117 ᠪᠠᠶᠢᠨ᠎ᠠ᠃ ᠡᠭᠦᠨ ᠳᠤ᠄ ᠡᠩ ᠤᠨ ᠳᠡᠭᠡᠳᠦ ᠵᠡᠷᠭᠡ ᠶᠢᠨ ᠰᠤᠷᠭᠠᠭᠤᠯᠢ 2868 ᠪᠠᠶᠢᠨ᠎ᠠ ᠂ ᠡᠭᠦᠨ ᠳᠤ ᠵᠢᠩᠬᠢᠨᠢ | ᠠᠩᠭᠢ ᠶᠢᠨ ᠰᠤᠷᠭᠠᠭᠤᠯᠢ 1308 ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ︵ ᠲᠤᠰᠬᠠᠶ ᠮᠡᠷᠭᠡᠵᠢᠯ ᠤᠨ︶ ᠰᠤᠷᠭᠠᠭᠤᠯᠢ 1560 ᠪᠤᠢ︔ ᠨᠠᠰᠤᠨ ᠳᠤ | ᠬᠦᠷᠦᠭᠰᠡᠳ ᠤᠨ ᠳᠡᠭᠡᠳᠦ ᠵᠡᠷᠭᠡ ᠶᠢᠨ ᠰᠤᠷᠭᠠᠭᠤᠯᠢ 249 ᠪᠠᠶᠢᠨ᠎ᠠ᠃ ᠡᠭᠦᠨ ᠳᠤ ᠥᠪᠥᠷ ᠮᠣᠩᠭᠤᠯ ᠳᠤ ᠨᠡᠶᠢᠲᠡ 56 ᠳᠡᠭᠡᠳᠦ ᠵᠡᠷᠭᠡ ᠶᠢᠨ ᠰᠤᠷᠭᠠᠭᠤᠯᠢ ᠪᠣᠶ᠃ | ᠳᠡᠭᠡᠷ᠎ᠡ ᠳᠤᠷᠠᠳᠤᠭᠰᠠᠨ ᠨᠡᠷᠡᠰ ᠲᠤ ᠰᠢᠶᠠᠩᠭᠠᠩ ᠣᠣᠮᠧᠨ ᠲᠠᠶᠢᠸᠠᠨ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢ ᠪᠠᠭᠲᠠᠭᠠᠭᠰᠠᠨ ᠦᠭᠡᠢ᠃ |