9 ᠰᠠᠷ᠎ᠠ ᠶᠢᠨ 13 ᠤ ᠡᠳᠦᠷ᠂ ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ ︽2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ | ᠠᠩᠭᠢ ᠶᠢᠨ ᠲᠤᠰᠬᠠᠶ ᠮᠡᠷᠭᠡᠵᠢᠯ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠢᠯᠡ ᠵᠠᠷᠯᠠᠯ︾ ᠢ ᠨᠡᠶᠢᠲᠡᠯᠡᠪᠡ᠂ ᠢᠯᠡ ᠵᠠᠷᠯᠠᠯ ᠤᠨ ᠪᠦᠷᠢᠳᠬᠡᠯ ᠢ ᠦᠨᠳᠦᠰᠦᠯᠡᠪᠡᠯ᠂ | 2024 ᠣᠨ ᠳᠤ 535 ᠲᠤᠰᠬᠠᠶ ᠮᠡᠷᠭᠡᠵᠢᠯ ᠢ ᠰᠢᠨ᠎ᠡ ᠪᠠᠷ ᠨᠡᠮᠡᠬᠦ ᠪᠠᠷ ᠲᠥᠯᠥᠪᠯᠡᠵᠦ ᠪᠠᠶᠢᠨ᠎ᠠ᠂ ᠡᠨᠡ ᠨᠢ 353 ᠶᠡᠭᠡ ᠳᠡᠭᠡᠳᠦ ᠰᠤᠷᠭᠠᠭᠤᠯᠢ ᠲᠠᠢ | ᠬᠤᠯᠪᠣᠭᠳᠠᠨ᠎ᠠ᠃ | ᠭᠤᠶᠤᠴᠢᠯᠠᠨ ᠮᠡᠳᠡᠭᠦᠯᠦᠭᠰᠡᠨ ᠲᠤᠰᠬᠠᠶ ᠮᠡᠷᠭᠡᠵᠢᠯ ᠤᠨ ᠲᠥᠷᠥᠯ ᠬᠡᠯᠪᠡᠷᠢ ᠠᠴᠠ ᠠᠪᠴᠤ ᠦᠵᠡᠪᠡᠯ᠂ 2024 ᠣᠨ ᠳᠤ ᠨᠡᠶᠢᠲᠡ 176 ᠵᠦᠢᠯ ᠤᠨ ᠲᠤᠰᠬᠠᠶ | ᠮᠡᠷᠭᠡᠵᠢᠯ ᠢ ᠭᠤᠶᠤᠴᠢᠯᠠᠨ ᠮᠡᠳᠡᠭᠦᠯᠪᠡ᠃ ᠡᠭᠦᠨ ᠳᠤ᠂ ᠮᠡᠳᠡᠭᠦᠯᠦᠭᠰᠡᠨ ᠲᠤᠭ᠎ᠠ ᠬᠡᠮᠵᠢᠶ᠎ᠡ ᠪᠠᠷ ᠢᠶᠠᠨ ᠲᠦᠷᠦᠭᠦᠦ ᠲᠠᠪᠤᠨ ᠨᠡᠷᠡᠰ ᠲᠤ ᠤᠷᠤᠬᠰᠠᠨ ᠲᠤᠰᠬᠠᠶ ᠮᠡᠷᠭᠡᠵᠢᠯ | ᠤᠨ ᠲᠡᠰ ᠲᠠᠷᠭᠠᠯᠠᠯ ᠪᠤᠯ᠄ ᠬᠥᠯ ᠪᠥᠮᠪᠦᠭᠡ ᠶᠢᠨ ᠬᠥᠳᠡᠯᠭᠡᠭᠡᠨ ︵39︶᠂ ᠰᠦᠯᠵᠢᠶᠡᠨ ᠤ ᠣᠷᠣᠨ ᠵᠠᠶ ᠶᠢᠨ ᠠᠮᠤᠷ ᠲᠦᠪᠰᠢᠨ ︵37︶᠂ ᠬᠥᠳᠡᠯᠭᠡᠭᠡᠨ ᠤ | ᠪᠣᠯᠪᠠᠰᠤᠷᠠᠯ ︵34︶᠂ ᠡᠷᠡᠭᠦᠯ ᠮᠡᠨᠳᠦ ᠬᠢᠭᠡᠳ ᠡᠮᠴᠢᠯᠡᠭᠡᠨ ᠤ ᠪᠠᠲᠤᠯᠠᠭ᠎ᠠ ︵17︶᠂ ᠨᠠᠰᠤᠲᠠᠶᠢᠴᠤᠳ ᠤᠨ ᠠᠨᠠᠭᠠᠬᠤ ᠤᠬᠠᠭᠠᠨ ᠬᠢᠭᠡᠳ ᠡᠷᠡᠭᠦᠯ ᠮᠡᠨᠳᠦ ︵ | 14︶ ᠪᠣᠯᠤᠨ᠎ᠠ᠃ |