ᠪᠠᠭᠰᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠲᠠᠢ ᠬᠠᠮᠢᠶ᠎ᠠ ᠦᠭᠡᠢ ᠠᠵᠢᠯ ᠶᠠᠪᠤᠳᠠᠯ ᠢ ᠡᠭᠦᠷᠭᠡᠯᠡᠬᠦ ᠦᠭᠡᠢ ᠪᠠᠶᠢᠪᠠᠯ ᠵᠤᠬᠢᠨ᠎ᠠ
ᠨᠡᠶᠢᠲᠡᠯᠡᠭᠰᠡᠨ ᠴᠠᠭ᠄
2024/9/18
     ᠬᠡᠰᠡᠭ ᠬᠤᠭᠤᠴᠠᠭᠠᠨ ᠤ ᠲᠤᠷᠰᠢ ᠂ ᠴᠥᠭᠡᠨ ᠪᠤᠰᠤ ᠭᠠᠵᠠᠷ ᠣᠷᠣᠨ ᠤ ᠬᠢᠨ ᠪᠠᠭᠰᠢ ᠨᠠᠷ ᠭᠤᠣᠯ ᠮᠥᠷᠡᠨ ᠨᠠᠭᠤᠷ ᠴᠥᠭᠦᠷᠥᠮ ᠢ ᠲᠣᠭᠤᠷᠢᠨ ᠦᠵᠡᠬᠦ ᠂ ᠰᠦᠯᠵᠢᠶᠡᠨ ᠳᠡᠭᠡᠷ᠎ᠡ ᠪᠢᠯᠧᠲ ᠥᠭᠬᠦ ᠂ ᠨᠡᠶᠢᠭᠡᠮ ᠤᠨ ᠳᠠᠭᠠᠳᠬᠠᠯ ᠢ ᠰᠢᠪᠠᠳᠠᠨ ᠲᠤᠰᠢᠶᠠᠯᠭᠠᠬᠤ ᠂ ᠪᠠᠶᠢᠴᠠᠭᠠᠯᠲᠠ ᠶᠢ ᠠᠷᠭᠠᠴᠠᠬᠤ ᠵᠡᠷᠭᠡ ᠵᠢᠭᠠᠨ ᠰᠤᠷᠭᠠᠯᠲᠠ ᠲᠠᠢ ᠬᠠᠮᠢᠶ᠎ᠠ ᠦᠭᠡᠶ ᠨᠡᠶᠢᠭᠡᠮ ᠤᠨ ᠠᠵᠢᠯ ᠶᠠᠪᠤᠳᠠᠯ ᠢ ᠡᠭᠦᠷᠭᠡᠯᠡᠵᠦ ᠪᠠᠶᠢᠨ᠎ᠠ ᠭᠡᠵᠦ ᠢᠯᠡᠴᠢᠯᠡᠵᠡᠶ᠃ ᠭᠤᠤᠯ ᠬᠠᠷᠢᠭᠤᠴᠠᠯᠭ᠎ᠠ ᠭᠤᠤᠯ ᠠᠵᠢᠯ ᠨᠢ ︽ ᠲᠤᠰᠠᠯᠠᠬᠤ ᠠᠵᠢᠯ ︾ ᠪᠣᠯᠵᠤ ᠂ ᠠᠵᠢᠯ ᠤᠨ ᠳᠠᠷᠤᠭᠠᠰᠤ ᠨᠢ ᠨᠡᠮᠡᠭᠳᠡᠵᠦ ᠪᠠᠭᠰᠢ ᠨᠠᠷ ᠢ ᠵᠤᠪᠠᠭᠠᠵᠤ ᠪᠠᠶᠢᠨ᠎ᠠ᠃    ᠰᠤᠷᠭᠠᠨ ᠬᠥᠮᠦᠵᠢᠯ ᠵᠢᠭᠠᠨ ᠰᠤᠷᠭᠠᠯᠲᠠ ᠲᠠᠢ ᠬᠠᠮᠢᠶ᠎ᠠ ᠥᠬᠡᠶ ᠠᠵᠢᠯ ᠶᠠᠪᠤᠳᠠᠯ  ᠨᠢ ᠰᠤᠷᠭᠠᠭᠤᠯᠢ ᠶᠢᠨ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠵᠢᠷᠤᠮ ᠢ ᠬᠠᠷᠰᠢᠯᠠᠵᠤ ᠪᠠᠶᠢᠬᠤ ᠪᠠᠷ ᠪᠠᠷᠠᠬᠤ ᠥᠬᠡᠶ ᠂ ᠪᠠᠰᠠ ᠪᠠᠭᠰᠢ ᠨᠠᠷ ᠲᠤ ᠢᠯᠡᠭᠦᠴᠡ ᠳᠠᠷᠤᠭᠠᠰᠤ ᠪᠤᠯᠭᠠᠵᠤ ᠪᠠᠶᠢᠨ᠎ᠠ᠃ ᠵᠢᠱᠢᠶᠡᠯᠡᠪᠡᠯ ᠂ ᠵᠠᠷᠢᠮ ᠭᠠᠵᠠᠷ ᠤᠨ ᠬᠢᠨ ᠶᠣᠰᠣ ᠶᠢᠨ ᠲᠡᠳᠦᠶ ᠪᠣᠯᠪᠠᠰᠤᠷᠠᠯ ᠬᠢᠬᠦ ᠳᠤ ᠬᠥᠮᠦᠨ ᠤ ᠲᠤᠭ᠎ᠠ ᠨᠢ ᠬᠦᠷᠦᠯᠴᠡᠬᠦ ᠦᠭᠡᠢ ᠪᠤᠯ ᠪᠠᠭᠰᠢ ᠨᠠᠷ ᠢ ᠠᠪᠴᠢᠷᠠᠵᠦ ᠂ ᠪᠣᠯᠪᠠᠰᠤᠷᠠᠯ ᠤᠨ ᠠᠭᠤᠯᠭ᠎ᠠ ᠨᠢ ᠰᠤᠷᠭᠠᠨ ᠬᠥᠮᠦᠵᠢᠯ ᠵᠢᠭᠠᠨ ᠰᠤᠷᠭᠠᠯᠲᠠ ᠲᠠᠢ ᠥᠴᠦᠬᠡᠨ ᠴᠦ ᠬᠤᠯᠪᠣᠭ᠎ᠠ ᠥᠬᠡᠶ ᠪᠠᠶᠢᠵᠤ ᠂ ᠪᠠᠭᠰᠢ ᠨᠠᠷ ᠢ ᠵᠦᠳᠡᠷᠡᠭᠦᠯᠵᠦ ᠪᠠᠶᠢᠨ᠎ᠠ︔ ᠵᠠᠷᠢᠮ ᠭᠠᠵᠠᠷ ᠤᠨ ᠬᠢᠨ ᠪᠠᠶᠠᠷ ᠤᠨ ᠶᠣᠰᠣᠯᠠᠯ ᠶᠠᠪᠤᠭᠤᠯᠬᠤ ᠂ ᠬᠤᠳᠠᠯᠳᠤᠭᠠᠴᠢᠨ ᠤᠷᠢᠬᠤ ᠵᠡᠷᠭᠡ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠲᠠᠢ ᠬᠠᠮᠢᠶ᠎ᠠ ᠦᠭᠡᠶ ᠠᠵᠢᠯ ᠶᠠᠪᠤᠳᠠᠯ ᠢ ᠬᠢᠬᠦ ᠳᠤ ᠪᠠᠰᠠ ᠪᠠᠭᠰᠢ ᠶᠢ ᠡᠷᠢᠵᠦ ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠦ ᠪᠠᠶᠢᠨ᠎ᠠ︔ ᠵᠠᠷᠢᠮ ᠭᠠᠵᠠᠷ ᠤᠨ ᠬᠢᠨ ᠠᠵᠢᠯ ᠢᠶᠠᠨ ᠨᠠᠶᠢᠳᠠᠪᠤᠷᠢᠵᠢᠭᠤᠯᠤᠬᠰᠠᠨ ᠪᠠᠶᠢᠳᠠᠯ ᠢᠶᠠᠨ ᠲᠡᠮᠳᠡᠭᠯᠡᠬᠦ ᠪᠠᠷ ᠭᠡᠷᠡᠯ ᠵᠢᠷᠤᠭ ᠲᠠᠲᠠᠵᠤ ᠺᠠᠷᠲ ᠰᠢᠷᠪᠢᠨ ᠂ ᠲᠡᠩᠳᠡᠬᠦᠦ ᠶᠠᠷᠰᠢᠭ ᠲᠦᠪᠡᠭ ᠲᠠᠢ ᠪᠠᠶᠠᠷ ᠶᠤᠰᠤᠯᠠᠯ ᠬᠢᠵᠦ ᠂ ᠪᠠᠭᠰᠢ ᠨᠠᠷ ᠢ ᠭᠡᠯᠪᠡᠷᠢ ᠶᠢᠨ ᠦᠵᠡᠯ ᠤᠨ ᠰᠢᠪᠡᠷ ᠪᠠᠯᠴᠢᠭ ᠲᠤ ᠤᠨᠠᠭᠠᠵᠤ ᠪᠠᠶᠢᠨ᠎ᠠ᠃    ᠣᠶᠢᠷ᠎ᠠ ᠳᠤ ᠂ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ︽ ᠰᠤᠷᠭᠠᠨ ᠬᠥᠮᠦᠵᠢᠯ ᠤᠨ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠰᠢᠨ᠎ᠡ ᠴᠠᠭ ᠦᠶ᠎ᠡ ᠶᠢᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ ︾ ᠢ ᠨᠡᠶᠢᠲᠡᠯᠡᠵᠦ ᠂ ᠪᠠᠭᠰᠢ ᠶᠢᠨ ᠳᠠᠷᠤᠭᠠᠰᠤ ᠶᠢ ᠶᠡᠭᠡ ᠪᠠᠷ ᠬᠥᠩᠭᠡᠷᠡᠭᠦᠯᠵᠦ ᠂ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠨᠢᠭᠡᠳᠦᠯᠲᠡᠶ ᠲᠥᠯᠥᠪᠵᠢᠭᠦᠯᠦᠨ ᠵᠢᠷᠤᠮᠵᠢᠭᠤᠯᠵᠤ ᠂ ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠠᠳᠠᠯᠢᠳᠬᠠᠨ ᠰᠢᠯᠭᠠᠷᠠᠭᠤᠯᠬᠤ ᠠᠵᠢᠯ ᠶᠠᠪᠤᠳᠠᠯ ᠢ ᠴᠣᠮᠬᠠᠳᠬᠠᠵᠤ ᠂ ᠳᠤᠮᠳᠠᠳᠤ ᠪᠠᠭ᠎ᠠ ᠰᠤᠷᠭᠠᠭᠤᠯᠢ ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠳᠠᠷᠤᠭᠠᠰᠤ ᠶᠢ ᠬᠥᠩᠭᠡᠷᠡᠭᠦᠯᠵᠦ ᠬᠦᠯᠢᠶᠡᠰᠦ ᠶᠢ ᠨᠢ ᠰᠤᠯᠠᠯᠠᠵᠤ ᠂ ᠪᠠᠭᠰᠢ ᠨᠠᠷ ᠤᠨ ᠭᠤᠤᠯ ᠬᠠᠷᠢᠭᠤᠴᠠᠯᠭ᠎ᠠ ᠭᠤᠤᠯ ᠠᠵᠢᠯ ᠢᠶᠠᠨ ᠬᠢᠬᠦ ᠶᠢ ᠬᠦᠢᠴᠡᠳ ᠪᠠᠲᠤᠯᠠᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃    ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ ᠳᠤ ︽ ᠦᠩᠭᠡᠨ ᠲᠠᠯ᠎ᠠ ᠶᠢ ᠵᠠᠰᠠᠬᠤ ︾ ᠮᠥᠷᠲᠡᠭᠡᠨ ᠪᠠᠰᠠ︽ ᠦᠨᠳᠦᠰᠦ ᠠᠴᠠ ᠨᠢ ᠵᠠᠰᠠᠬᠤ ︾ ᠬᠡᠷᠡᠭᠲᠡᠢ᠃ ᠡᠷᠬᠡᠪᠰᠢ ᠨᠡᠶᠢᠭᠡᠮ ᠤᠨ ᠠᠵᠢᠯ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠬᠢᠨᠠᠨ ᠵᠥᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠵᠦ ᠂ ᠡᠯ᠎ᠡ ᠲᠥᠷᠥᠯ ᠤᠨ ᠲᠠᠭᠯᠠᠨ ᠮᠡᠳᠡᠭᠦᠯᠬᠦ ᠠᠵᠢᠯ ᠢ ᠴᠣᠮᠬᠠᠳᠬᠠᠨ ᠵᠢᠷᠤᠮᠵᠢᠭᠤᠯᠵᠤ ᠂ ᠪᠠᠭᠰᠢ ᠶᠢ ᠵᠢᠭᠡᠯᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠵᠤ ᠂ ᠡᠯ᠎ᠡ ᠲᠥᠷᠥᠯ ᠤᠨ ᠪᠠᠭᠰᠢ ᠶᠢᠨ ᠪᠣᠯᠪᠠᠰᠤᠷᠠᠯ ᠢ ᠵᠢᠷᠤᠮᠵᠢᠭᠤᠯᠵᠤ ᠂ ᠡᠯᠳᠡᠪ ᠡᠰᠡᠨ ᠪᠤᠰᠤᠳ ᠤᠴᠢᠷ ᠶᠠᠪᠤᠳᠠᠯ ᠢᠶᠠᠷ ᠪᠠᠭᠰᠢ ᠶᠢᠨ ᠣᠶᠤᠨ ᠴᠢᠳᠠᠯ ᠢ ᠰᠠᠷᠨᠢᠭᠤᠯᠬᠤ ᠠᠴᠠ ᠵᠠᠶᠢᠯᠠᠰᠬᠢᠵᠦ ᠂ ᠪᠠᠭᠰᠢ ᠶᠢᠨ ᠬᠦᠯᠢᠶᠡᠰᠦ ᠶᠢ ᠦᠨᠡᠨ ᠪᠣᠳᠠᠲᠠᠶ ᠪᠠᠷ ᠰᠤᠯᠠᠯᠠᠵᠤ ᠳᠠᠷᠤᠭᠠᠰᠤ ᠶᠢ ᠨᠢ ᠬᠥᠩᠭᠡᠷᠡᠭᠦᠯᠬᠦ ᠬᠡᠷᠡᠭᠲᠡᠶ᠃
ᠢᠷᠡᠯᠲᠡ᠄ ᠠᠷᠠᠳ ᠤᠨ ᠰᠦᠯᠵᠢᠶ᠎ᠡ