︵ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ ᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠬᠠᠢ ᠬᠠᠤᠯᠢ ᠴᠠᠭᠠᠵᠠ᠂ ᠬᠠᠤᠯᠢ ᠳᠦᠷᠢᠮ ᠵᠢᠴᠢ | ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠠᠪᠤᠷᠠᠨ | ᠲᠤᠰᠠᠯᠠᠯᠲᠠ ᠶᠢᠨ ᠲᠤᠬᠠᠢ ᠲᠦᠷᠦ ᠶᠢᠨ ᠪᠤᠳᠤᠯᠭ᠎ᠠ᠂ ᠲᠦᠯᠦᠪᠯᠡᠭᠡ ᠪᠠ ᠪᠠᠷᠢᠮᠵᠢᠶ᠎ᠠ ᠶᠢ ᠬᠡᠷᠡᠭᠵᠢᠭᠦᠯᠦᠨ᠎ᠡ᠃ | ︵ᠬᠤᠶᠠᠷ︶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦ ᠶᠢ ᠬᠠᠮᠢᠶᠠᠷᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠬᠦᠯᠦᠨ ᠪᠤᠶᠢᠷ | ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠦᠰᠦᠪ ᠪᠠ ᠲᠦᠰᠦᠪ ᠤᠨ ᠭᠦᠢᠴᠡᠳᠭᠡᠯ ᠢ ᠲᠤᠭᠲᠠᠭᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦ ᠶᠢ | ᠬᠢᠨᠠᠨ ᠬᠠᠮᠢᠶᠠᠷᠬᠤ ᠠᠷᠭ᠎ᠠ ᠶᠢ ᠬᠡᠷᠡᠭᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠰᠠᠭᠤᠷᠢ ᠮᠦᠩᠭᠦᠨ ᠤ ᠲᠤᠭᠠᠴᠠᠭ᠎ᠠ ᠬᠢᠬᠦ ᠬᠡᠯᠪᠡᠷᠢ ᠶᠢᠨ ᠦᠭᠡᠷᠡᠴᠢᠯᠡᠯᠲᠡ ᠶᠢ ᠲᠦᠯᠬᠢᠨ | ᠠᠬᠢᠭᠤᠯᠤᠨ᠎ᠡ᠃ | ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠤᠯᠭᠤᠮᠵᠢ ᠶᠢᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ | ᠪᠠᠲᠤᠯᠠᠭ᠎ᠠ ᠶᠢᠨ ᠪᠡᠯᠡ ᠮᠦᠩᠭᠦ ᠴᠤᠭᠯᠠᠭᠤᠯᠬᠤ ᠠᠵᠢᠯ ᠢ ᠬᠠᠷᠢᠭᠤᠴᠠᠨ᠎ᠠ᠃ ᠬᠦᠳᠡᠯᠦᠩᠭᠦᠢ ᠲᠤᠬᠢᠷᠠᠭᠤᠯᠬᠤ ᠪᠠ ᠤᠷᠤᠨ ᠪᠦᠰᠡ ᠶᠢᠨ ᠲᠤᠬᠢᠷᠠᠭᠤᠯᠤᠨ | ᠲᠡᠩᠴᠡᠭᠦᠷᠢᠰᠢᠭᠦᠯᠬᠦ ᠲᠤᠭᠲᠠᠴᠠ ᠶᠢ ᠪᠦᠷᠢᠨᠰᠢᠭᠦᠯᠦᠨ᠎ᠡ᠃ ᠬᠤᠲᠠ ᠬᠦᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠤᠯᠭᠤᠮᠵᠢ ᠶᠢᠨ ᠪᠠᠷᠢᠮᠵᠢᠶ᠎ᠠ ᠶᠢ | ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠡᠯᠡ ᠮᠦᠩᠭᠦ ᠴᠤᠭᠯᠠᠭᠤᠯᠬᠤ ᠬᠢᠷᠢ ᠬᠡᠮᠵᠢᠶ᠎ᠡ ᠲᠠᠢ ᠲᠤᠬᠢᠷᠠᠯᠴᠠᠭᠰᠠᠨ ᠤᠯᠭᠤᠮᠵᠢ ᠶᠢ ᠲᠤᠬᠢᠷᠠᠭᠤᠯᠬᠤ ᠲᠤᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠦᠨ᠎ᠡ᠃ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢᠨ ᠲᠦᠰᠦᠪ ᠢ | ᠲᠤᠭᠤᠰᠢᠯᠠᠭᠤᠯᠤᠨ᠎ᠠ᠃ | ︵ᠳᠦᠷᠪᠡ︶ ᠡᠮᠴᠢᠯᠡᠭᠡᠨ ᠤ ᠭᠠᠷᠴᠠᠭ ᠢ ᠬᠠᠮᠢᠶᠠᠷᠤᠨ᠎ᠠ᠃ ᠬᠤᠲᠠ ᠬᠦᠳᠡᠭᠡ ᠶᠢᠨ ᠨᠢᠭᠡᠲᠦᠯᠲᠠᠢ ᠡᠮ ᠤᠨ ᠵᠦᠢᠯ᠂ ᠡᠮᠴᠢᠯᠡᠭᠡᠨ ᠤ ᠬᠤᠷᠤᠭᠳᠠᠯ ᠮᠠᠲ᠋ᠧᠷᠢᠶᠠᠯ᠂ | ᠡᠮᠴᠢᠯᠡᠭᠡᠨ ᠤ ᠦᠢᠯᠡᠴᠢᠯᠡᠭᠡᠨ ᠤ ᠲᠦᠷᠦᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠲᠤᠨᠤᠭ ᠲᠦᠭᠦᠭᠡᠷᠦᠮᠵᠢ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠭᠠᠷᠴᠠᠭ | ᠪᠤᠯᠤᠨ ᠲᠤᠭᠠᠴᠠᠭ᠎ᠠ ᠬᠢᠬᠦ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠬᠦᠳᠡᠯᠦᠩᠭᠦᠢ ᠲᠤᠬᠢᠷᠠᠭᠤᠯᠬᠤ ᠲᠤᠭᠲᠠᠴᠠ ᠶᠢ ᠪᠠᠶᠢᠭᠤᠯᠤᠨ᠎ᠠ᠃ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠭᠠᠷᠴᠠᠭ ᠤᠨ ᠵᠦᠪᠰᠢᠶᠡᠷᠡᠨ ᠤᠷᠤᠬᠤ ᠬᠡᠯᠡᠯᠴᠡᠭᠡᠨ ᠤ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ | ︵ᠲᠠᠪᠤ︶ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠬᠠᠮᠢᠶᠠᠷᠤᠨ᠎ᠠ᠃ ᠤᠯᠤᠰ ᠤᠨ ᠡᠮ ᠤᠨ ᠵᠦᠢᠯ᠂ ᠡᠮᠴᠢᠯᠡᠭᠡᠨ ᠤ ᠬᠤᠷᠤᠭᠳᠠᠯ ᠮᠠᠲ᠋ᠧᠷᠢᠶᠠᠯ ᠤᠨ | ᠦᠨ᠎ᠡ ᠬᠠᠩᠰᠢ ᠶᠢᠨ ᠲᠤᠬᠠᠢ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠡᠮᠴᠢᠯᠡᠭᠡᠨ ᠤ ᠦᠢᠯᠡᠴᠢᠯᠡᠭᠡᠨ ᠤ ᠲᠦᠷᠦᠯ ᠵᠦᠢᠯ ᠂ | ᠡᠮᠴᠢᠯᠡᠭᠡᠨ ᠤ ᠦᠢᠯᠡᠴᠢᠯᠡᠭᠡᠨ ᠤ ᠲᠤᠨᠤᠭ ᠲᠦᠭᠦᠭᠡᠷᠦᠮᠵᠢ ᠶᠢᠨ ᠰᠦᠢᠳᠭᠡᠯ ᠬᠤᠷᠢᠶᠠᠬᠤ ᠲᠤᠬᠠᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ᠎ᠠ᠃ ᠡᠮᠴᠢᠯᠡᠭᠡᠨ ᠤ | ᠪᠠᠲᠤᠯᠠᠭ᠎ᠠ ᠶᠢᠨ ᠡᠮ ᠤᠨ ᠦᠨ᠎ᠡ ᠬᠠᠩᠰᠢ ᠶᠢ ᠲᠤᠬᠢᠷᠠᠮᠵᠢᠲᠠᠢ ᠲᠤᠭᠲᠠᠭᠠᠬᠤ ᠪᠠ ᠬᠦᠳᠡᠯᠦᠩᠭᠦᠢ ᠲᠤᠬᠢᠷᠠᠭᠤᠯᠬᠤ ᠲᠤᠭᠲᠠᠴᠠ ᠶᠢ ᠪᠠᠶᠢᠭᠤᠯᠤᠨ᠎ᠠ᠃ ᠵᠠᠬ᠎ᠠ | ᠳᠡᠯᠭᠡᠭᠦᠷ ᠢᠶᠠᠷ ᠭᠤᠤᠯ ᠪᠤᠯᠭᠠᠭᠰᠠᠨ᠂ ᠨᠡᠶᠢᠭᠡᠮ ᠤᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠪᠦᠷᠢᠯᠳᠦᠬᠦ ᠲᠤᠭᠲᠠᠴᠠ ᠶᠢ ᠪᠠᠶᠢᠭᠤᠯᠬᠤ ᠶᠢ ᠲᠦᠯᠬᠢᠨ | ᠠᠬᠢᠭᠤᠯᠤᠨ᠎ᠡ᠃ ᠦᠨ᠎ᠡ ᠬᠠᠩᠰᠢ ᠶᠢᠨ ᠲᠤᠬᠠᠢ ᠮᠡᠳᠡᠭᠡ ᠵᠠᠩᠭᠢ ᠶᠢ ᠬᠢᠨᠠᠨ ᠬᠡᠮᠵᠢᠬᠦ ᠪᠠ ᠮᠡᠳᠡᠭᠡ ᠵᠠᠩᠭᠢ ᠶᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃ | ︵ᠵᠢᠷᠭᠤᠭ᠎ᠠ︶ ᠡᠮ ᠤᠨ ᠵᠦᠢᠯ ᠪᠠ ᠡᠮᠴᠢᠯᠡᠭᠡᠨ ᠤ ᠬᠤᠷᠤᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ ᠢ ᠬᠠᠷᠢᠭᠤᠴᠠᠨ᠎ᠠ᠃ | ᠤᠯᠤᠰ᠂ ᠦᠪᠡᠷᠲᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠲᠠ ᠶᠢᠨ ᠡᠮ ᠤᠨ ᠵᠦᠢᠯ᠂ ᠡᠮᠴᠢᠯᠡᠭᠡᠨ ᠤ ᠬᠤᠷᠤᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠵᠤ | ᠬᠤᠳᠠᠯᠳᠤᠨ ᠠᠪᠬᠤ᠂ ᠲᠤᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠲᠤᠬᠠᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ ᠡᠮ ᠤᠨ ᠵᠦᠢᠯ᠂ | ᠡᠮᠴᠢᠯᠡᠭᠡᠨ ᠤ ᠬᠤᠷᠤᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠲᠠᠪᠴᠠᠩ ᠤᠨ ᠪᠦᠲᠦᠭᠡᠨ ᠪᠠᠶᠢᠭᠤᠯᠤᠯᠲᠡ ᠶᠢ ᠠᠬᠢᠭᠤᠯᠤᠨ᠎ᠡ᠃ | ︵ᠳᠤᠯᠤᠭ᠎ᠠ︶ ᠡᠮᠴᠢᠯᠡᠭᠡᠨ ᠤ ᠪᠠᠲᠤᠯᠠᠭ᠎ᠠ ᠶᠢ ᠬᠢᠨᠠᠨ ᠬᠠᠮᠢᠶᠠᠷᠤᠨ᠎ᠠ᠃ ᠲᠤᠭᠲᠠᠭᠰᠠᠨ ᠡᠮᠴᠢᠯᠡᠭᠡᠨ ᠤ ᠪᠠᠶᠢᠭᠤᠯᠭ᠎ᠠ ᠶᠢᠨ ᠬᠡᠯᠡᠯᠴᠡᠭᠡᠷ ᠪᠤᠯᠤᠨ ᠲᠤᠭᠠᠴᠠᠭ᠎ᠠ | ᠬᠢᠬᠦ ᠬᠠᠮᠢᠶᠠᠷᠬᠤ ᠠᠷᠭ᠎ᠠ ᠶᠢ ᠬᠡᠷᠡᠭᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠰᠢᠰᠲ᠋ᠧᠮ ᠪᠤᠯᠤᠨ ᠮᠡᠳᠡᠭᠡ ᠵᠠᠩᠭᠢ ᠶᠢ ᠢᠯᠡ ᠪᠤᠯᠭᠠᠬᠤ | ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠡᠪᠴᠢᠶᠡᠨ ᠤ ᠳᠤᠲᠤᠷᠠᠬᠢ ᠦᠢᠯᠡᠴᠢᠯᠡᠭᠡᠨ ᠤ ᠦᠢᠯᠡ ᠠᠵᠢᠯᠯᠠᠭ᠎ᠠ ᠪᠤᠯᠤᠨ | ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠤᠨ᠎ᠠ᠃ ᠡᠮᠴᠢᠯᠡᠭᠡᠨ ᠤ ᠬᠦᠷᠢᠶ᠎ᠡ ᠬᠡᠪᠴᠢᠶᠡᠨ ᠤ ᠬᠠᠤᠯᠢ ᠪᠤᠰᠤ ᠦᠢᠯᠡ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ | ᠰᠢᠢᠳᠪᠦᠷᠢᠯᠡᠨ᠎ᠡ᠃ | ︵ᠨᠠᠢᠮᠠ︶ ᠡᠮᠴᠢᠯᠡᠭᠡᠨ ᠤ ᠪᠠᠲᠤᠯᠠᠭ᠎ᠠ ᠶᠢ ᠭᠠᠷᠳᠠᠨ ᠭᠦᠢᠴᠡᠳᠭᠡᠬᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ᠂ ᠮᠡᠳᠡᠭᠡ ᠵᠠᠩᠭᠢᠴᠢᠯᠠᠯᠲᠠ ᠶᠢᠨ | ᠪᠦᠲᠦᠭᠡᠨ ᠪᠠᠶᠢᠭᠤᠯᠤᠯᠲᠡ ᠶᠢ ᠬᠠᠷᠢᠭᠤᠴᠠᠨ᠎ᠠ᠃ ᠤᠨᠳᠤᠤ ᠭᠠᠵᠠᠷ ᠤᠷᠤᠨ ᠳᠤ ᠡᠮᠨᠡᠭᠦᠯᠬᠦ ᠪᠤᠯᠤᠨ ᠡᠮᠴᠢᠯᠡᠭᠡᠨ ᠤ ᠵᠠᠷᠤᠳᠠᠯ ᠢ ᠳ᠋ᠦᠩᠨᠡᠨ ᠪᠤᠳᠤᠬᠤ ᠲᠤᠬᠠᠢ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠡᠮᠴᠢᠯᠡᠭᠡᠨ ᠤ ᠪᠠᠲᠤᠯᠠᠭ᠎ᠠ ᠶᠢᠨ ᠬᠦᠷᠢᠶ᠎ᠡ ᠬᠡᠪᠴᠢᠶᠡᠨ ᠤ ᠬᠠᠮᠲᠤᠷᠠᠯᠴᠠᠭ᠎ᠠ ᠶᠢ ᠦᠷᠨᠢᠭᠦᠯᠦᠨ᠎ᠡ ᠃ | ︵ᠶᠢᠰᠦ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ | ᠳᠠᠭᠠᠭᠠᠯᠭᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ |